ᠶᠠᠩ ᠴᠢᠶᠦ᠋ᠨ ᠭᠧᠤ ᠰᠢᠶᠠᠩ ᠤᠨ ᠠᠵᠢᠯᠴᠢᠨ ᠤ ᠡᠪᠯᠡᠯ 2023 ᠣᠨ ᠤ ᠠᠵᠤ ᠠᠬᠤᠶᠢᠯᠠᠯᠲᠠᠨ ᠤ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/6/1
     ᠶᠠᠩ ᠴᠢᠶᠦ᠋ᠨ ᠭᠧᠤ ᠰᠢᠶᠠᠩ ᠤᠨ ᠠᠵᠢᠯᠴᠢᠨ ᠤ ᠡᠪᠯᠡᠯ ᠬᠢᠭᠡᠳ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠶᠠᠩ ᠤᠨ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠣᠯᠠᠨ ᠲᠦᠮᠡᠨ ᠪᠠ ᠠᠵᠤ ᠠᠬᠤᠶᠢᠯᠠᠯ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠶᠢᠨ ᠲᠤᠰᠠᠳᠠ᠂ 5 ᠰᠠᠷ᠎ᠠ ᠶᠢᠨ 29 ᠤ ᠡᠳᠦᠷ᠂ ᠶᠠᠩ ᠴᠢᠶᠦ᠋ᠨ ᠭᠧᠤ ᠰᠢᠶᠠᠩ 2023 ᠣᠨ ᠤ ᠠᠵᠤ ᠠᠬᠤᠶᠢᠯᠠᠯᠲᠠᠨ ᠤ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃      ᠪᠣᠯᠪᠠᠰᠤᠷᠠᠭᠤᠯᠤᠯ ᠤᠨ ᠬᠤᠷᠠᠯ ᠠᠴᠠ ᠥᠪᠥᠷ ᠮᠣᠩᠭᠤᠯ ᠤᠨ ᡁᠢ ᠰᠢᠩ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠵᠠᠬᠢᠷᠤᠯ ᠢ ᠣᠨᠴᠠᠭᠠᠶᠢᠯᠠᠨ ᠤᠷᠢᠵᠤ᠂ ᠭᠤᠣᠯᠳᠠᠭᠤ ︽ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ︾ ᠭᠡᠬᠦ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠳᠣᠬᠠᠨ ᠤ ᠠᠵᠢᠯᠴᠢᠨ ᠤ ᠡᠪᠯᠡᠯ ᠤᠨ ᠠᠵᠢᠯ ᠤᠨ ᠰᠡᠳᠬᠢᠴᠡ ᠶᠢᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ᠂ ᠠᠵᠤ ᠦᠢᠯᠡᠰ ᠤᠨ ᠳᠡᠰ ᠳᠡᠪᠰᠢᠯᠲᠡ ᠶᠢᠨ ᠲᠦᠷᠭᠡᠳᠬᠦ ᠶᠢ ᠳᠠᠭᠠᠯᠳᠤᠨ᠂ ᠠᠵᠢᠯᠲᠠᠨ ᠠᠵᠢᠯᠴᠢᠨ ᠤ ᠡᠩᠨᠡᠭᠡᠨ ᠤ ᠪᠦᠲᠦᠴᠡ ᠂ ᠠᠵᠢᠯ ᠣᠯᠭᠤᠯᠲᠠ ᠶᠢᠨ ᠠᠷᠭ᠎ᠠ ᠮᠠᠶ᠋ᠢᠭ ᠪᠣᠯᠤᠨ ᠬᠥᠳᠡᠯᠮᠦᠷᠢ ᠶᠢᠨ ᠬᠠᠷᠢᠴᠠᠭ᠎ᠠ ᠲᠠᠰᠤᠷᠠᠯᠲᠠ ᠦᠭᠡᠶ ᠬᠤᠪᠢᠷᠠᠵᠤ᠂ ᠠᠵᠢᠯᠴᠢᠨ ᠤ ᠡᠪᠯᠡᠯ ᠤᠨ ᠠᠵᠢᠯ ᠴᠤ ᠶᠠᠪᠤᠬᠤ ᠲᠤᠲᠤᠮ ᠣᠯᠠᠨ ᠡᠰᠢᠵᠢᠵᠦ᠂ ᠪᠤᠳᠤᠯᠢᠶᠠᠨᠲᠠᠶ ᠪᠣᠯᠵᠤ ᠪᠠᠶᠢᠨ᠎ᠠ᠃ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ᠂ ᠤᠷᠢᠶᠠᠯᠠᠬᠤ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠠᠵᠢᠯᠳᠠᠨ ᠠᠵᠢᠯᠴᠢᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠦᠵᠦᠭᠦᠷ ᠲᠤᠨᠢ ᠬᠦᠷᠲᠡᠯ᠎ᠡ ᠥᠷᠭᠡᠳᠬᠡᠵᠦ᠂ ᠠᠵᠤ ᠠᠬᠤᠶᠢᠯᠠᠯ ᠪᠠ ᠠᠵᠢᠯᠳᠠᠨ ᠠᠵᠢᠯᠴᠢᠨ ᠤ ᠬᠡᠷᠡᠭᠴᠡᠭᠡ ᠶᠢ ᠣᠶᠢᠯᠠᠭᠠᠵᠤ᠂ ᠠᠵᠤ ᠠᠬᠤᠶᠢᠯᠠᠯ ᠪᠠ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢᠳᠤᠷᠭ᠎ᠠ ᠪᠠᠨ ᠵᠠᠩᠭᠢᠳᠴᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠥᠭᠵᠢᠯᠲᠡ ᠳᠤ ᠣᠷᠣᠯᠴᠠᠬᠤ᠂ ᠬᠥᠭᠵᠢᠯᠲᠡ ᠶᠢ ᠠᠬᠢᠭᠤᠯᠬᠤ᠂ ᠬᠥᠭᠵᠢᠯᠲᠡ ᠳᠤ ᠦᠢᠯᠡᠴᠢᠯᠡᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠠᠵᠤ ᠠᠬᠤᠶ ᠶᠢᠨ ᠠᠵᠢᠯ ᠭᠡᠬᠦ ᠡᠨᠡ ᠬᠦ ᠭᠤᠣᠯ ᠡᠭᠦᠷᠭᠡ ᠲᠠᠢ ᠤᠶᠠᠯᠳᠤᠭᠤᠯᠤᠨ᠂ ᠲᠤᠰ ᠪᠡᠶ᠎ᠡ ᠶᠢᠨ ᠠᠰᠢᠭᠲᠠᠶ ᠨᠥᠬᠦᠴᠡᠯ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ᠂ ᠠᠵᠢᠯᠳᠠᠨ ᠠᠵᠢᠯᠴᠢᠨ᠂ ᠠᠵᠤ ᠠᠬᠤᠶᠢᠯᠠᠯᠲᠠᠨ ᠤ ᠬᠠᠮᠲᠤ ᠶᠢᠨ ᠡᠭᠦᠰᠦᠯᠲᠡ᠂ ᠲᠡᠭᠦᠰᠦᠯᠲᠡ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠠᠵᠤ ᠠᠬᠤᠶᠢᠯᠠᠯ ᠤᠨ ᠬᠤᠯᠪᠣᠯᠳᠤᠭᠰᠠᠨ ᠬᠥᠭᠦᠷᠭᠡ ᠶᠢ ᠴᠢᠷᠮᠠᠶᠢᠨ ᠪᠠᠶᠢᠭᠤᠯᠵᠤ᠂ ᠡᠷᠡᠭᠦᠯ ᠴᠢᠭᠢᠷᠠᠭ᠂ ᠠᠷᠢᠭᠤᠨ ᠴᠢᠬᠡᠴᠢ᠂ ᠢᠯᠡ ᠲᠣᠳᠣ᠂ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠢ ᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号