ᠬᠥᠬᠡᠬᠤᠲᠠ ᠶᠢᠨ 2023 ᠣᠨ ᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠤᠨ ᠶᠠᠷᠢᠯᠴᠠᠬᠤ ᠬᠤᠷᠠᠯ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/6/1
   
     2023 ᠣᠨ ᠤ 5 ᠰᠠᠷ᠎ᠠ ᠶᠢᠨ 30 ᠤ ᠡᠳᠦᠷ ᠪᠣᠯ ᠳᠣᠯᠣᠳᠤᠭᠠᠷ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠤ ᠡᠳᠦᠷ︾ ᠪᠣᠯᠤᠨ᠎ᠠ᠃ ᠬᠥᠬᠡᠬᠤᠲᠠ ᠶᠢᠨ 2023 ᠣᠨ ᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠤᠨ ᠶᠠᠷᠢᠯᠴᠠᠬᠤ ᠬᠤᠷᠠᠯ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭᠠᠨ ᠤ ᠲᠠᠰᠤᠭ ᠲᠤ ᠶᠠᠪᠤᠭᠳᠠᠪᠠ᠃      ᠶᠠᠷᠢᠯᠴᠠᠬᠤ ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠬᠠᠨ ᠵᠢᠶᠠ ᠲᠦᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠧᠩ ᠨᠢᠦ᠂ ᠢᠦᠶ ᠬᠠᠩ ᠷᠧᠨ᠂ ᠣᠷᠴᠢᠨ ᠲᠣᠭᠤᠷᠢᠨ ᠤ ᠰᠢᠨᠵᠢᠯᠡᠭᠡᠨ ᠤ ᠨᠡᠶᠢᠭᠡᠮᠯᠢᠭ ᠵᠡᠷᠭᠡ ᠠᠵᠤ ᠠᠬᠤᠶᠢᠯᠠᠯ ᠪᠣᠯᠤᠨ ᠨᠢᠭᠡᠴᠡ ᠶᠢᠨ ᠲᠥᠯᠥᠭᠡᠯᠡᠭᠴᠢᠳ ᠥᠪᠡᠷ ᠥᠪᠡᠷ ᠤᠨ ᠬᠥᠭᠵᠢᠯᠲᠡ ᠶᠢᠨ ᠳᠤᠮᠳᠠᠬᠢ ᠰᠠᠶᠢᠨ ᠲᠤᠷᠰᠢᠯᠭ᠎ᠠ ᠪᠠᠨ ᠰᠣᠯᠢᠯᠴᠠᠪᠠ᠃      ᠬᠤᠷᠠᠯ ᠠᠴᠠ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠨᠠᠮ ᠪᠣᠯᠤᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃      ᠣᠶᠢᠷ᠎ᠠ ᠶᠢᠨ ᠵᠢᠯ ᠤᠨ ᠲᠤᠷᠰᠢ᠂ ᠬᠤᠷᠢᠨᠭᠡᠷ ᠰᠢᠶᠠᠨ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠬᠠᠷᠢᠴᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠤᠨ ᠡᠯ᠎ᠡ ᠵᠦᠢᠯ ᠤᠨ ᠱᠠᠭᠠᠷᠳᠠᠯᠭ᠎ᠠ ᠶᠣᠰᠣᠭᠠᠷ᠂ ᠤᠨᠴᠠᠯᠢᠭᠳᠤ ᠠᠵᠤ ᠦᠢᠯᠡᠰ ᠤᠨ ᠳᠠᠪᠠᠭᠤᠯᠢᠭ ᠲᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠠᠮᠢᠵᠢᠷᠠᠯ ᠤᠨ ᠪᠦᠬᠦ ᠰᠢᠶᠠᠨ ᠢᠶᠠᠷ ᠢᠶᠠᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠨᠡᠶᠢᠲᠡ 214 ᠬᠡᠷᠡᠭᠵᠢᠭᠦᠯᠵᠦ᠂ ᠨᠡᠶᠢᠲᠡ 1.84 ᠳ᠋ᠦᠩᠰᠢᠭᠤᠷ ᠲᠥᠭᠦᠷᠢᠭ ᠤᠨ ᠰᠤᠳᠤᠯᠤᠨ ᠨᠡᠭᠡᠭᠡᠯᠲᠡ ᠬᠢᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 34᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 17᠂ ᠡᠯ᠎ᠡ ᠲᠥᠷᠥᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠠᠪᠴᠠᠩ 49᠂ ᠰᠢᠨ᠎ᠡ ᠶᠢ ᠡᠭᠦᠳᠬᠦ ᠠᠴᠢᠶᠠᠯᠠᠪᠤᠷᠢ 13 ᠶᠢ ᠪᠠᠶᠢᠭᠤᠯᠵᠤ᠂ ᠬᠤᠷᠢᠨᠭᠡᠷ ᠰᠢᠶᠠᠨ ᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠠᠶᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ᠂ ᠣᠷᠣᠨ ᠤ ᠲᠥᠪ ᠤᠨ ᠬᠥᠭᠵᠢᠯᠲᠡ ᠶᠢᠨ ᠴᠢᠳᠠᠪᠤᠷᠢ ᠶᠢᠨ ᠲᠠᠰ ᠢ ᠪᠣᠶ ᠪᠣᠯᠭᠠᠬᠤ ᠳᠤ ᠬᠦᠴᠦᠨ ᠨᠡᠮᠡᠷᠢᠯᠡᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号