ᠪᠦᠭᠦ ᠤᠯᠤᠰ ᠤᠨ ᠥᠷᠭᠡᠨ ᠣᠯᠠᠨ ᠪᠠᠭᠠᠴᠤᠳ ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ | ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ | ᠼᠠᠢ ᠴᠢ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 31 ᠤ ᠦᠳᠡ ᠶᠢᠨ ᠡᠮᠦᠨ᠎ᠡ ᠪᠡᠭᠡᠵᠢᠩ ᠤᠨ ᠢᠦᠢ ᠶᠢᠩ ᠰᠤᠷᠭᠠᠭᠤᠯᠢ ᠳᠤ | ᠬᠦᠷᠴᠦ᠂ ᠪᠠᠭᠰᠢ ᠰᠤᠷᠤᠬᠴᠢᠳ ᠢ ᠡᠬᠢᠨ ᠦᠵᠡᠵᠦ ᠲᠣᠬᠤᠨᠢᠭᠤᠯᠤᠨ᠂ ᠪᠦᠭᠦ ᠤᠯᠤᠰ ᠤᠨ ᠥᠷᠭᠡᠨ ᠤᠯᠠᠨ ᠪᠠᠭᠠᠴᠤᠳ | ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠰᠢ ᠶᠢᠨ ᠫᠢᠩ᠂ ᠪᠠᠭᠠᠴᠤᠳ ᠬᠡᠦᠬᠡᠳ ᠪᠣᠯ ᠡᠬᠡ | ᠤᠯᠤᠰ ᠤᠨ ᠢᠷᠡᠭᠡᠳᠦᠢ᠂ ᠳᠤᠮᠳᠠᠳᠤ ᠶᠢᠨ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠬᠡᠦᠬᠡᠳ ᠤᠳ ᠬᠠᠷᠠᠯᠲᠠ ᠵᠣᠷᠢᠯᠲᠠ ᠲᠠᠢ᠂ ᠬᠦᠰᠡᠯ ᠵᠡᠭᠦᠳᠦ ᠲᠠᠢ᠂ ᠰᠤᠷᠤᠯᠴᠠᠬᠤ ᠳᠤᠷᠠᠲᠠᠢ᠂ | ᠭᠦᠳᠡᠯᠮᠦᠷᠢ ᠳᠤ ᠳᠤᠷᠠᠲᠠᠢ᠂ ᠠᠴᠢ ᠡᠨᠡᠷᠢᠯ ᠳᠤ ᠲᠠᠯᠠᠷᠬᠠᠬᠤ ᠶᠢ ᠮᠡᠳᠡᠬᠦ᠂ ᠨᠥᠭᠦᠷᠰᠡᠭ ᠪᠠᠶᠢᠬᠤ ᠶᠢ ᠮᠡᠳᠡᠬᠦ᠂ ᠵᠣᠷᠢᠭᠲᠠᠢ ᠪᠠᠷ | ᠰᠢᠨ᠎ᠡ ᠶᠢ ᠡᠭᠦᠳᠬᠦ᠂ ᠵᠣᠷᠢᠭᠲᠠᠢ ᠪᠠᠷ ᠲᠡᠮᠡᠴᠡᠬᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ | ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠰᠠᠶᠢᠨ ᠬᠡᠦᠬᠡᠳ ᠪᠤᠯᠬᠤ ᠬᠡᠷᠡᠭᠲᠡᠢ᠃ ᠰᠤᠷᠤᠬᠴᠢ ᠨᠥᠬᠦᠳ ᠤᠨ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ | ᠪᠢᠴᠢᠭ ᠦᠵᠡᠬᠦ ᠪᠠᠷ ᠵᠣᠷᠢᠭ ᠰᠢᠭᠤᠳᠴᠤ᠂ ᠭᠡᠷ ᠤᠨ ᠠᠬᠠᠮᠠᠳ ᠤᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠨᠠᠮ | ᠪᠣᠯᠣᠨ ᠠᠷᠠᠳ ᠲᠦᠮᠡᠨ ᠤ ᠬᠦᠰᠡᠯ ᠪᠠᠷᠠᠯᠠᠯ ᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ | ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠪᠡᠭᠡᠵᠢᠩ ᠤᠨ ᠢᠦᠢ ᠶᠢᠩ ᠰᠤᠷᠭᠠᠭᠤᠯᠢ 1948 ᠣᠨ ᠳᠤ ᠾᠧᠪᠧᠢ ᠶᠢᠨ ᠰᠢ ᠪᠠᠢ ᠫᠥᠸᠧ ᠳᠤ ᠪᠠᠶᠢᠭᠤᠯᠤᠭᠳᠠᠪᠠ᠃ | ᠤᠤᠯ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠬᠠᠩᠭᠠᠯᠭ᠎ᠠ ᠶᠢᠨ ᠬᠡᠯᠲᠡᠰ ᠤᠨ ᠢᠦᠢ ᠶᠢᠩ ᠪᠠᠭ᠎ᠠ ᠰᠤᠷᠭᠠᠭᠤᠯᠢ︾ ᠭᠡᠵᠦ ᠨᠡᠷᠡᠶᠢᠳᠴᠦ ᠪᠠᠶᠢᠵᠠᠢ᠃ 75 ᠵᠢᠯ ᠤᠨ ᠲᠤᠷᠰᠢ | ᠰᠤᠷᠭᠠᠭᠤᠯᠢ ᠨᠢ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠠᠶᠢᠷ᠎ᠠ ᠬᠠᠯᠠᠮᠵᠢᠯᠠᠯ ᠳᠣᠣᠷ᠎ᠠ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠤᠯᠭ᠎ᠠ ᠶᠢᠨ ᠳᠦᠷᠢᠮ ᠤᠨ ᠰᠢᠨ᠎ᠡ ᠶᠢ ᠡᠭᠦᠳᠬᠦ ᠶᠢ ᠬᠡᠷᠡᠭᠵᠢᠭᠦᠯᠵᠦ᠂ | ᠣᠨᠴᠠᠯᠢᠭ ᠲᠠᠢ ᠪᠠᠷ ᠰᠤᠷᠭᠠᠭᠤᠯᠢ ᠡᠷᠭᠢᠯᠡᠭᠦ ᠶᠢ ᠥᠷᠨᠢᠭᠦᠯᠵᠦ᠂ ᠰᠤᠷᠤᠬᠴᠢᠳ ᠤᠨ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠬᠥᠲᠥᠯᠥᠨ ᠳᠠᠭᠠᠭᠤᠯᠪᠠ᠃ | ᠰᠢ ᠶᠢᠨ ᠫᠢᠩ ᠡᠩ ᠲᠡᠷᠢᠭᠦᠨ ᠳᠤ ᠰᠤᠷᠭᠠᠭᠤᠯᠢ ᠶᠢᠨ ᠲᠡᠦᠬᠡ ᠶᠢᠨ ᠣᠷᠳᠣᠨ ᠳᠤ ᠬᠦᠷᠴᠦ᠂ ᠰᠤᠷᠭᠠᠭᠤᠯᠢ ᠶᠢᠨ | ᠲᠡᠦᠬᠡ ᠶᠢᠨ ᠤᠯᠠᠷᠢᠯ ᠬᠤᠪᠢᠰᠤᠯ᠂ ᠪᠦᠲᠦᠭᠡᠨ ᠪᠠᠶᠢᠭᠤᠯᠤᠯᠲᠠ ᠬᠥᠭᠵᠢᠯᠲᠡ ᠪᠠ ᠣᠶᠢᠷ᠎ᠠ ᠶᠢᠨ ᠵᠢᠯ ᠤᠨ ᠲᠤᠷᠰᠢᠬᠢ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠭᠰᠠᠨ᠂ | ︽ᠬᠤᠶᠠᠷ ᠢ ᠬᠥᠩᠭᠡᠷᠡᠭᠦᠯᠬᠦ︾ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ᠂ | ᠰᠤᠷᠤᠬᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ | ᠲᠠᠯ᠎ᠠ ᠶᠢᠨ ᠬᠥᠭᠵᠢᠯᠲᠡ ᠶᠢ ᠠᠬᠢᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠤᠷᠭᠠᠨ ᠬᠥᠮᠦᠵᠢᠯ ᠤᠨ | ᠦᠨᠳᠦᠰᠦᠨ ᠡᠭᠦᠷᠭᠡ ᠪᠣᠯ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠶᠠᠪᠤᠳᠠᠯ ᠪᠣᠯᠣᠨ᠎ᠠ᠃ ᠰᠤᠷᠤᠬᠴᠢᠳ ᠤᠨ ᠬᠦᠰᠡᠯᠡᠩ ᠢᠲᠡᠭᠡᠯ | ᠪᠢᠰᠢᠷᠡᠯ᠂ ᠶᠣᠰᠣ ᠰᠤᠷᠲᠠᠬᠤᠨ ᠵᠠᠩ ᠴᠢᠨᠠᠷ᠂ ᠮᠡᠳᠡᠯᠭᠡ ᠤᠶᠤᠨ ᠴᠢᠳᠠᠪᠤᠷᠢ᠂ ᠪᠡᠶ᠎ᠡ ᠮᠠᠬᠠᠪᠤᠳ ᠪᠠ ᠰᠡᠳᠬᠢᠴᠡ ᠶᠢᠨ ᠬᠡᠪ | ᠴᠢᠨᠠᠷ ᠵᠡᠷᠭᠡ ᠡᠯ᠎ᠡ ᠲᠠᠯ᠎ᠠ ᠶᠢᠨ ᠬᠥᠮᠦᠵᠢᠯ ᠤᠨ ᠠᠯᠢ ᠨᠢ ᠴᠤ ᠲᠤᠲᠠᠭᠳᠠᠵᠤ ᠪᠤᠯᠬᠤ ᠦᠭᠡᠢ ᠶᠤᠮ᠃ ︽ᠬᠤᠶᠠᠷ ᠢ | ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠵᠣᠬᠢᠬᠤ ᠶᠠᠪᠤᠴᠠ ᠶᠢ ᠬᠡᠷᠡᠭᠰᠡᠨ᠎ᠡ᠂ ᠡᠷᠬᠡᠪᠰᠢ | ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠭᠡᠷ ᠤᠨ ᠠᠬᠠᠮᠠᠳ᠂ ᠰᠤᠷᠭᠠᠭᠤᠯᠢ᠂ ᠨᠡᠶᠢᠭᠡᠮ ᠵᠡᠷᠭᠡ ᠡᠯ᠎ᠡ | ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠲᠠᠨᠢᠯᠲᠠ ᠪᠠᠨ ᠳᠡᠭᠡᠭᠰᠢᠯᠡᠭᠦᠯᠵᠤ᠂ ︽ᠬᠤᠶᠠᠷ ᠢ ᠬᠥᠩᠭᠡᠷᠡᠭᠦᠯᠬᠦ︾ | ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠤᠬᠴᠢᠳ ᠤᠨ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠢᠦᠢ ᠶᠢᠩ ᠰᠤᠷᠭᠠᠭᠤᠯᠢ ᠨᠢ ᠢᠷᠠᠭᠤ ᠠᠯᠳᠠᠷᠲᠤ ᠬᠤᠪᠢᠰᠬᠠᠯᠲᠤ ᠤᠯᠠᠮᠵᠢᠯᠠᠯ ᠪᠠ | ᠢᠯᠡ ᠲᠣᠳᠣ ᠬᠤᠪᠢᠰᠬᠠᠯ ᠤᠨ ᠤᠳᠤᠮᠰᠢᠯ ᠲᠠᠢ ᠶᠤᠮ᠃ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠴᠢᠩᠭᠠᠳᠬᠠᠵᠤ᠂ | ᠢᠦᠢ ᠶᠢᠩ ᠰᠤᠷᠭᠠᠭᠤᠯᠢ ᠶᠢᠨ ᠰᠤᠷᠤᠬᠴᠢ ᠨᠢᠭᠡ ᠪᠦᠷᠢ ᠳᠤ ᠰᠤᠷᠭᠠᠭᠤᠯᠢ ᠶᠢᠨ ᠢᠷᠠᠭᠤ ᠠᠯᠳᠠᠷᠲᠤ ᠲᠡᠦᠬᠡ ᠶᠢ ᠪᠠᠲᠤ | ᠴᠡᠭᠡᠵᠢᠯᠡᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠪᠠᠲᠤ ᠴᠡᠭᠡᠵᠢᠯᠡᠭᠦᠯᠵᠦ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ | ᠵᠠᠯᠭᠠᠮᠵᠢᠯᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠵᠤ᠂ ᠨᠠᠮ ᠤᠨ ᠲᠥᠯᠥᠭᠡ ᠴᠢᠳᠠᠪᠤᠷᠢᠲᠠᠨ ᠪᠤᠯᠬᠤ᠂ ᠤᠯᠤᠰ ᠤᠨ ᠲᠥᠯᠥᠭᠡ ᠬᠤᠪᠢ ᠨᠡᠮᠡᠷᠢ | ᠦᠵᠡᠭᠦᠯᠭᠦ ᠪᠠᠷ ᠵᠣᠷᠢᠭ ᠰᠢᠭᠤᠳᠬᠤ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | | | 5 ᠰᠠᠷ᠎ᠠ ᠶᠢᠨ 31 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠢᠦᠢ | ᠶᠢᠩ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠷᠭᠢᠨ ᠦᠵᠡᠵᠦ ᠲᠣᠬᠤᠨᠢᠭᠤᠯᠤᠨ᠂ ᠪᠦᠭᠦ ᠤᠯᠤᠰ ᠤᠨ | ᠥᠷᠭᠡᠨ ᠤᠯᠠᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠵᠢᠷᠤᠭ ᠪᠣᠯ ᠰᠢ ᠶᠢᠨ ᠫᠢᠩ | ᠰᠤᠷᠤᠬᠴᠢᠳ ᠤᠨ ᠲᠠᠷᠢᠶᠠᠯᠠᠩ ᠤᠨ ᠲᠠᠯᠠᠪᠠᠢ ᠳᠤ ᠶᠠᠭ ᠲᠠᠷᠢᠶᠠᠯᠠᠩ ᠤᠨ ᠲᠠᠷᠢᠮᠠᠯ ᠤᠨ ᠦᠢᠯᠡᠳᠦᠯᠭᠡ ᠳᠤ ᠤᠷᠤᠯᠴᠠᠵᠦ | ᠪᠠᠶᠢᠭ᠎ᠠ ᠪᠠᠭ᠎ᠠ ᠰᠤᠷᠭᠠᠭᠤᠯᠢ ᠶᠢᠨ ᠰᠤᠷᠤᠬᠴᠢᠳ ᠲᠠᠢ ᠳᠣᠲᠣᠨᠣ ᠪᠠᠷ ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠰᠢ ᠶᠢᠨ ᠫᠢᠩ ᠶᠠᠪᠠᠭᠠᠨ ᠢᠶᠠᠷ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ | ᠰᠠᠭᠰᠤᠨ ᠪᠥᠮᠪᠦᠭᠡ ᠶᠢᠨ ᠲᠠᠯᠠᠪᠤᠷ ᠲᠤ ᠰᠤᠷᠤᠬᠴᠢᠳ ᠶᠠᠭ ᠰᠠᠭᠰᠤᠨ ᠪᠥᠮᠪᠦᠭᠡ ᠨᠠᠭᠠᠳᠴᠤ᠂ ᠳᠡᠭᠡᠰᠦ ᠦᠰᠦᠷᠴᠦ᠂ | ᠲᠠᠮᠢᠷ ᠤᠨ ᠬᠢᠴᠢᠶᠡᠯ ᠣᠷᠣᠵᠤ ᠪᠠᠶᠢᠯ᠎ᠠ᠃ ᠰᠢ ᠶᠢᠨ ᠫᠢᠩ᠂ ᠬᠥᠮᠥᠨ ᠤ ᠡᠷᠡᠭᠦᠯ ᠮᠡᠨᠳᠦ ᠶᠢᠨ ᠬᠡᠪ ᠴᠢᠨᠠᠷ ᠢ | ᠳᠡᠭᠡᠭᠰᠢᠯᠡᠭᠦᠯᠭᠦ ᠳᠤ ᠵᠠᠯᠠᠭᠤᠴᠤᠳ ᠪᠠᠭᠠᠴᠤᠳ ᠤᠨ ᠱᠠᠲᠤ ᠦᠶ᠎ᠡ ᠪᠣᠯ ᠰᠢᠵᠢᠷ ᠠᠯᠳᠠᠨ ᠴᠠᠭ ᠦᠶ᠎ᠡ ᠪᠣᠯᠣᠨ᠎ᠠ᠃ ᠡᠨᠡ ᠬᠦ | ᠱᠠᠲᠤᠨ ᠳᠤ ᠪᠡᠶ᠎ᠡ ᠮᠠᠬᠠᠪᠤᠳ ᠥᠰᠦᠨ ᠪᠤᠶᠢᠵᠢᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠂ ᠪᠡᠶ᠎ᠡ ᠮᠠᠬᠠᠪᠤᠳ ᠡᠷᠡᠭᠦᠯ | ᠴᠢᠭᠢᠷᠠᠭ ᠪᠠᠶᠢᠪᠠᠯ ᠰᠠᠶ᠋ᠢ ᠬᠤᠶᠢᠰᠢᠳᠠ ᠶᠢᠨ ᠨᠢᠭᠡ ᠨᠠᠰᠤᠨ ᠤ ᠰᠤᠷᠤᠯᠴᠠᠯᠭ᠎ᠠ ᠪᠠ ᠠᠵᠢᠯ ᠤᠨ ᠰᠠᠭᠤᠷᠢ ᠶᠢ ᠰᠠᠶᠢᠲᠤᠷ | ᠲᠠᠯᠪᠢᠵᠤ ᠴᠢᠳᠠᠨ᠎ᠠ᠃ ᠪᠡᠶ᠎ᠡ ᠶᠢᠨ ᠲᠠᠮᠢᠷ ᠤᠨ ᠪᠣᠯᠪᠠᠰᠤᠷᠠᠯ ᠪᠣᠯ ᠪᠠᠭᠠᠴᠤᠳ ᠬᠡᠦᠬᠡᠳ ᠤᠨ ᠪᠡᠶ᠎ᠡ ᠮᠠᠬᠠᠪᠤᠳ ᠢ | ᠴᠢᠭᠢᠷᠠᠭᠵᠢᠭᠤᠯᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠃ ᠤᠳᠤ ᠠᠮᠢᠳᠤᠷᠠᠯ ᠤᠨ ᠨᠥᠬᠦᠴᠡᠯ ᠰᠠᠶᠢᠵᠢᠷᠠᠵᠠᠢ᠂ | ᠬᠡᠦᠬᠡᠳ ᠤᠳ ᠮᠠᠷᠢᠶᠠᠯᠠᠲᠠᠯᠠ ᠢᠳᠡᠬᠦ ᠪᠢᠰᠢ᠂ ᠬᠠᠷᠢᠨ ᠡᠷᠡᠭᠦᠯ ᠴᠢᠭᠢᠷᠠᠭ ᠦᠰᠦᠨ ᠪᠤᠶᠢᠵᠢᠵᠤ᠂ ᠪᠣᠯᠪᠠᠰᠤᠷᠠᠯ ᠢᠶᠠᠷ ᠲᠠᠮᠵᠢᠨ | ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠡᠷᠡᠭᠲᠡᠢ᠃ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠪᠠᠭ᠎ᠠ ᠠᠴᠠ ᠨᠢ ᠠᠳᠬᠤᠬᠤ | ᠬᠡᠷᠡᠭᠲᠡᠢ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠯᠡᠭᠦᠬᠡᠨ ᠣᠷᠣᠯᠴᠠᠪᠠᠯ ︽ᠮᠠᠷᠢᠶ᠎ᠠ ᠲᠠᠢ ᠬᠡᠦᠬᠡᠳ︾᠂ ︽ᠨᠢᠳᠦᠨ | ᠰᠢᠯ ᠲᠠᠢ ᠬᠡᠦᠬᠡᠳ︾ ᠴᠥᠭᠡᠨ ᠪᠣᠯᠴᠢᠬᠠᠳᠠᠭ᠃ ᠰᠤᠷᠭᠠᠭᠤᠯᠢ ᠠᠴᠠ ᠪᠡᠶ᠎ᠡ ᠶᠢᠨ ᠲᠠᠮᠢᠷ ᠤᠨ ᠪᠠᠭᠰᠢ ᠶᠢ ᠭᠦᠢᠴᠡᠳ | ᠰᠠᠶᠢᠲᠤᠷ ᠲᠣᠬᠢᠷᠠᠭᠤᠯᠵᠤ᠂ ᠭᠡᠷ ᠪᠦᠯᠢ᠂ ᠰᠤᠷᠭᠠᠭᠤᠯᠢ᠂ ᠨᠡᠶᠢᠭᠡᠮ ᠵᠡᠷᠭᠡ ᠡᠯ᠎ᠡ ᠲᠠᠯ᠎ᠠ ᠶᠢᠨ ᠬᠢᠨ ᠴᠥᠮ ᠪᠠᠭᠠᠴᠤᠳ | ᠬᠡᠦᠬᠡᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | | | | ᠰᠢ ᠶᠢᠨ ᠫᠢᠩ ᠪᠡᠭᠡᠵᠢᠩ ᠤᠨ ᠢᠦᠢ ᠶᠢᠩ ᠰᠤᠷᠭᠠᠭᠤᠯᠢ ᠳᠤ ᠰᠢᠨᠵᠢᠯᠡᠨ ᠪᠠᠶᠢᠴᠠᠭᠠᠵᠤ᠂ ᠪᠦᠭᠦ ᠤᠯᠤᠰ ᠤᠨ ᠥᠷᠭᠡᠨ | ᠣᠯᠠᠨ ᠪᠠᠭᠠᠴᠤᠳ ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠦᠷ ᠤᠨ ᠮᠡᠨᠳᠦᠴᠢᠯᠡᠯ | ᠳᠡᠪᠰᠢᠭᠦᠯᠪᠡ᠃ 5 ᠰᠠᠷ᠎ᠠ ᠶᠢᠨ 31 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠪᠡᠭᠡᠵᠢᠩ ᠤᠨ ᠢᠦᠢ ᠶᠢᠩ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠷᠭᠢᠨ ᠦᠵᠡᠵᠦ ᠲᠣᠬᠤᠨᠢᠭᠤᠯᠤᠨ᠂ ᠪᠦᠭᠦ | ᠤᠯᠤᠰ ᠤᠨ ᠥᠷᠭᠡᠨ ᠤᠯᠠᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠵᠢᠷᠤᠭ ᠪᠣᠯ | ᠰᠢ ᠶᠢᠨ ᠫᠢᠩ ᠰᠢᠨᠵᠢᠯᠡᠬᠦ ᠤᠬᠠᠭᠠᠨ ᠤ ᠬᠢᠴᠢᠶᠡᠯ ᠤᠨ ᠭᠡᠷ ᠲᠤ ᠪᠠᠭ᠎ᠠ ᠰᠤᠷᠭᠠᠭᠤᠯᠢ ᠶᠢᠨ ᠰᠤᠷᠤᠬᠴᠢᠳ ᠲᠠᠢ ᠳᠣᠲᠣᠨᠣ ᠪᠠᠷ | ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | | ᠳᠠᠷᠠᠭ᠎ᠠ ᠨᠢ ᠰᠢ ᠶᠢᠨ ᠫᠢᠩ ᠰᠤᠷᠤᠬᠴᠢᠳ ᠤᠨ ᠲᠠᠷᠢᠶᠠᠯᠠᠩ ᠤᠨ ᠲᠠᠯᠠᠪᠠᠢ ᠳᠤ ᠬᠦᠷᠴᠦ ᠢᠷᠡᠪᠡ᠃ ᠠᠳᠡ ᠪᠣᠯ | ᠰᠤᠷᠤᠬᠴᠢᠳ ᠤᠨ ᠲᠠᠷᠢᠶᠠᠯᠠᠩ ᠤᠨ ᠲᠠᠷᠢᠮᠠᠯ ᠤᠨ ᠠᠵᠢᠯᠯᠠᠭ᠎ᠠ ᠥᠷᠨᠢᠭᠦᠯᠬᠦ ᠦᠢᠯᠡᠳᠦᠯᠭᠡ ᠶᠢᠨ ᠲᠠᠯᠠᠪᠤᠷ ᠪᠣᠯᠣᠨ᠎ᠠ᠂ ᠨᠡᠷᠡᠨ ᠤ | ᠭᠡᠷᠡᠯ ᠳᠣᠣᠷᠠᠬᠢ ᠲᠠᠷᠢᠶᠠᠨ ᠳᠠᠯᠠᠩ ᠢᠶᠠᠷ ᠵᠢᠭᠳᠡᠷᠡᠨ ᠤᠷᠭᠤᠭᠰᠠᠨ ᠨᠣᠭᠤᠭ᠎ᠠ ᠶᠢᠨ ᠴᠢᠬᠢ ᠠᠮᠢᠵᠢᠷᠠᠯ ᠤᠨ ᠬᠦᠴᠦᠨ ᠢᠶᠠᠷ | ᠪᠢᠯᠬᠠᠨ᠎ᠠ᠃ ᠬᠡᠦᠬᠡᠳ ᠤᠳ ᠤᠰᠤᠨ ᠰᠠᠭᠤᠯᠠᠭ᠎ᠠ᠂ ᠬᠤᠰᠤᠭᠤᠷ᠂ ᠮᠠᠯᠲᠠᠭᠤᠷ᠂ ᠦᠰᠦᠨ ᠪᠢᠷ ᠢᠶᠠᠨ ᠠᠪᠴᠤ᠂ ᠲᠥᠪᠡᠳ | ᠬᠠᠰᠢ᠂ ᠥᠷᠭᠡᠰᠦᠲᠦ ᠬᠡᠮᠬᠡ ᠵᠡᠷᠭᠡ ᠶᠢ ᠤᠰᠤᠯᠠᠵᠤ᠂ ᠬᠥᠷᠥᠰᠥ ᠶᠢ ᠰᠤᠯᠠᠷᠠᠭᠤᠯᠵᠤ᠂ ᠡᠪᠡᠰᠦ ᠶᠢ ᠨᠢ ᠠᠷᠴᠢᠵᠤ᠂ ᠲᠣᠭᠤᠰᠣ | ᠬᠦᠷᠲᠡᠭᠡᠨ᠎ᠡ᠃ ᠰᠢ ᠶᠢᠨ ᠫᠢᠩ᠂ ᠮᠠᠰᠢ ᠤᠯᠠᠨ ᠮᠡᠳᠡᠯᠭᠡ ᠪᠠ ᠶᠣᠰᠣ ᠤᠴᠢᠷ ᠨᠢ ᠪᠦᠷ ᠭᠦᠳᠡᠯᠮᠦᠷᠢ ᠠᠴᠠ ᠢᠷᠡᠳᠡᠭ ᠶᠤᠮ᠂ | ᠠᠮᠢᠳᠤᠷᠠᠯ ᠠᠴᠠ ᠢᠷᠡᠳᠡᠭ ᠶᠤᠮ᠃ ᠬᠡᠦᠬᠡᠳ ᠢ ᠬᠥᠲᠥᠯᠥᠨ ᠳᠠᠭᠠᠭᠤᠯᠵᠤ ᠬᠠᠷᠠᠬᠠᠨ ᠪᠠᠭ᠎ᠠ ᠠᠴᠠ ᠨᠢ ᠭᠦᠳᠡᠯᠮᠦᠷᠢ ᠶᠢᠨ | ᠦᠵᠡᠯᠲᠡ ᠲᠠᠢ ᠪᠤᠯᠭᠠᠵᠤ᠂ ᠭᠦᠳᠡᠯᠮᠦᠷᠢ ᠶᠢᠨ ᠳᠠᠳᠬᠠᠯ ᠢ ᠨᠢ ᠬᠥᠮᠥᠵᠢᠭᠦᠯᠦᠨ᠂ ᠬᠥᠳᠡᠯᠮᠦᠷᠢᠯᠡᠬᠦ ᠴᠢᠳᠠᠪᠤᠷᠢ ᠶᠢ ᠨᠢ | ᠳᠡᠭᠡᠭᠰᠢᠯᠡᠭᠦᠯᠭᠦ ᠨᠢ ᠲᠡᠳᠡᠨ ᠤ ᠮᠡᠳᠡᠯᠭᠡ ᠶᠢ ᠨᠡᠩ ᠰᠠᠶᠢᠲᠤᠷ ᠰᠤᠷᠤᠯᠴᠠᠬᠤ ᠳᠤ ᠠᠰᠢᠭᠲᠠᠢ ᠶᠤᠮ᠃ ᠣᠳᠣᠬᠠᠨ ᠳᠤ ᠵᠠᠷᠢᠮ | ᠬᠤᠲᠠ ᠶᠢᠨ ᠬᠡᠦᠬᠡᠳ ᠤᠨ ᠬᠥᠳᠡᠭᠡ ᠲᠣᠰᠬᠤᠨ ᠳᠤ ᠬᠦᠷᠴᠦ᠂ ᠡᠬᠡ ᠪᠠᠶᠢᠭᠠᠯᠢ ᠲᠠᠢ ᠣᠶᠢᠷᠠᠳᠬᠤ ᠨᠢ ᠴᠥᠭᠡᠨ ᠪᠠᠶᠢᠨ᠎ᠠ᠂ | ︽ᠬᠥᠯ ᠭᠠᠷ ᠬᠥᠳᠡᠯᠬᠦ ᠨᠢ ᠴᠥᠭᠡᠨ︾ ᠪᠠᠶᠢᠬᠤ ᠪᠠᠷ ᠪᠠᠷᠠᠬᠤ ᠦᠭᠡᠢ ᠪᠠᠰᠠ ︽ᠲᠠᠪᠤᠨ ᠲᠠᠷᠢᠶ᠎ᠠ ᠶᠢ ᠴᠤ ᠲᠠᠨᠢᠬᠤ ᠦᠭᠡᠢ︾ | ᠪᠠᠶᠢᠵᠤ᠂ ᠢᠳᠡᠵᠦ ᠪᠠᠶᠢᠭ᠎ᠠ ᠵᠦᠢᠯ ᠨᠢ ᠶᠠᠭᠤ ᠪᠤᠯᠬᠤ᠂ ᠬᠠᠮᠢᠭ᠎ᠠ ᠠᠴᠠ ᠢᠷᠡᠭᠰᠡᠨ᠂ ᠶᠠᠭᠠᠬᠢᠵᠤ ᠢᠷᠡᠭᠰᠡᠨ ᠢ ᠴᠦ ᠮᠡᠳᠡᠬᠦ | ᠦᠭᠡᠢ᠂ ᠨᠠᠩ ᠴᠤ ︽ᠬᠠᠯᠪᠠᠭ᠎ᠠ ᠳᠣᠲᠣᠷᠠᠬᠢ ᠨᠢᠭᠡᠨ ᠮᠥᠬᠦᠯᠢᠭ ᠠᠮᠤ ᠶᠢᠨ ᠬᠠᠯᠠᠰᠢᠷᠠᠯ ᠵᠤᠪᠠᠯᠠᠩ ᠢ ᠬᠡᠨ ᠮᠡᠳᠡᠬᠦ ᠠᠵᠢ︾ | ᠭᠡᠳᠡᠭ ᠢ ᠪᠠᠶᠠᠳᠠᠨ ᠣᠶᠢᠯᠠᠭᠠᠬᠤ ᠳᠤ ᠨᠡᠩ ᠴᠤ ᠪᠡᠷᠬᠡ ᠶᠤᠮ ᠭᠡᠵᠦ ᠴᠢᠬᠤᠯᠠᠴᠢᠯᠠᠪᠠ᠃ ᠲᠡᠷᠡ ᠰᠤᠷᠤᠬᠴᠢ ᠨᠥᠬᠦᠳ ᠲᠤ᠂ | ᠡᠬᠡ ᠪᠠᠶᠢᠭᠠᠯᠢ ᠶᠢ ᠲᠠᠨᠢᠬᠤ ᠳᠤ ᠶᠠᠭᠤᠨ ᠤ ᠡᠮᠦᠨ᠎ᠡ ᠳᠡᠷᠭᠡᠳᠡᠬᠢ ᠤᠷᠭᠤᠮᠠᠯ ᠢ ᠲᠠᠨᠢᠬᠤ ᠠᠴᠠ ᠡᠬᠢᠯᠡᠬᠦ ᠬᠡᠷᠡᠭᠲᠡᠢ᠃ | ᠰᠤᠷᠤᠬᠴᠢᠳ ᠤᠨ ᠳᠠᠷᠢᠵᠤ ᠪᠤᠶᠢᠵᠢᠭᠤᠯᠤᠭᠰᠠᠨ ᠡᠯ᠎ᠡ ᠵᠦᠢᠯ ᠤᠨ ᠤᠷᠭᠤᠮᠠᠯ ᠢ ᠨᠣᠮ ᠳᠡᠪᠲᠡᠷ ᠳᠡᠭᠡᠷ᠎ᠡ ᠴᠥᠮ | ᠲᠠᠨᠢᠯᠴᠠᠭᠤᠯᠵᠤ ᠪᠠᠶᠢᠳᠠᠭ ᠪᠤᠯᠪᠠᠴᠤ ᠣᠯᠠᠨ ᠢᠶᠠᠷ ᠢᠶᠠᠨ ᠥᠪᠡᠷ ᠤᠨ ᠭᠠᠷ ᠢᠶᠠᠷ ᠢᠶᠠᠨ ᠳᠠᠷᠢᠵᠤ᠂ ᠥᠪᠡᠷ ᠤᠨ ᠪᠡᠶ᠎ᠡ ᠪᠠᠷ ᠢᠶᠠᠨ | ᠪᠤᠶᠢᠵᠢᠭᠤᠯᠵᠤ᠂ ᠮᠥᠷᠳᠡᠨ ᠠᠵᠢᠭᠯᠠᠪᠠᠯ ᠯᠠᠪᠲᠠᠢ ᠠᠳᠠᠯᠢ ᠦᠭᠡᠢ ᠣᠯᠣᠯᠲᠠ ᠲᠠᠢ ᠶᠤᠮ᠃ ᠰᠤᠷᠤᠬᠴᠢ ᠨᠥᠬᠦᠳ ︽ | ᠲᠠᠷᠢᠶᠠᠨ ᠠᠵᠢᠯ ᠢ ᠬᠢᠵᠦ ᠰᠤᠷᠬᠤ︾ ᠳᠤᠮᠳᠠ ᠠᠴᠠ ᠲᠠᠷᠢᠶᠠᠨ ᠠᠵᠢᠯ ᠤᠨ ᠬᠦᠴᠢᠷ ᠪᠡᠷᠬᠡᠰᠢᠶᠡᠯ ᠪᠠ ᠲᠠᠷᠢᠶᠠᠴᠢᠳ ᠤᠨ | ᠭᠢᠯᠪᠠᠷ ᠪᠤᠰᠤ ᠶᠢ ᠣᠶᠢᠯᠠᠭᠠᠵᠤ᠂ ᠬᠠᠷᠠᠬᠠᠨ ᠪᠠᠭ᠎ᠠ ᠠᠴᠠ ᠪᠠᠨ ᠭᠦᠳᠡᠯᠮᠦᠷᠢ ᠳᠤ ᠳᠤᠷᠠᠲᠠᠢ᠂ ᠠᠮᠤ ᠪᠤᠳᠠᠭ᠎ᠠ ᠶᠢ ᠨᠠᠨᠳᠢᠩᠨᠠᠨ | ᠬᠠᠶᠢᠷᠠᠯᠠᠬᠤ᠂ ᠪᠠᠶᠢᠭᠠᠯᠢ ᠶᠢ ᠬᠦᠨᠳᠦᠳᠬᠡᠬᠦ ᠰᠠᠶᠢᠨ ᠰᠠᠶᠢᠬᠠᠨ ᠳᠠᠳᠬᠠᠯ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠰᠢᠨ᠎ᠡ ᠴᠠᠭ | ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠡᠦᠬᠡᠳ ᠪᠠᠭᠠᠴᠤᠳ ᠠᠴᠠ ᠡᠬᠢᠯᠡᠨ ᠠᠳᠬᠤᠵᠤ᠂ | ᠭᠦᠳᠡᠯᠮᠦᠷᠢ ᠶᠢ ᠪᠠᠶᠠᠳᠠᠨ ᠣᠶᠢᠯᠠᠭᠠᠭᠤᠯᠬᠤ ᠠᠮᠢᠳᠤᠯᠢᠭ ᠰᠠᠶᠢᠬᠠᠨ ᠬᠢᠴᠢᠶᠡᠯ ᠢᠶᠠᠷ ᠳᠠᠮᠵᠢᠭᠤᠯᠤᠨ ᠬᠡᠦᠬᠡᠳ ᠢ ᠪᠡᠶ᠎ᠡ ᠪᠠᠷ ᠨᠢ | ᠭᠢᠯᠭᠡᠵᠤ᠂ ᠪᠡᠶ᠎ᠡ ᠪᠠᠷ ᠨᠢ ᠣᠷᠣᠯᠴᠠᠭᠤᠯᠵᠤ᠂ ᠪᠡᠶ᠎ᠡ ᠪᠠᠷ ᠨᠢ ᠣᠶᠢᠯᠠᠭᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠬᠡᠦᠬᠡᠳ ᠤᠨ ᠤᠢ ᠰᠡᠳᠬᠢᠯ ᠳᠤ ᠡᠷᠲᠡᠬᠡᠨ | ᠬᠠᠳᠠᠩᠰᠢᠭᠤᠯᠬᠤ ᠬᠡᠷᠡᠭᠲᠡᠢ ᠭᠡᠪᠡ᠃ | ᠰᠤᠷᠭᠠᠭᠤᠯᠢ ᠶᠢᠨ ᠰᠧ ᠼᠦᠩ ᠠᠰᠠᠷ ᠤᠨ ᠬᠤᠶᠠᠳᠤᠭᠠᠷ ᠳᠠᠪᠬᠤᠷᠯᠢᠭ ᠤᠨ ᠰᠢᠨᠵᠢᠯᠡᠬᠦ ᠤᠬᠠᠭᠠᠨ ᠤ ᠬᠢᠴᠢᠶᠡᠯ ᠤᠨ | ᠭᠡᠷ ᠠᠴᠠ ᠪᠠᠶᠠᠷᠯᠠᠯᠳᠤᠨ ᠨᠠᠷᠭᠢᠯᠳᠤᠬᠤ ᠳᠠᠭᠤᠨ ᠲᠠᠰᠤᠷᠠᠯᠳᠠ ᠦᠭᠡᠢ ᠰᠣᠨᠣᠰᠳᠠᠨ᠎ᠠ᠃ ᠰᠢ ᠶᠢᠨ ᠫᠢᠩ ᠬᠢᠴᠢᠶᠡᠯ ᠤᠨ | ᠭᠡᠷ ᠲᠤ ᠣᠷᠣᠬᠤ ᠳᠤ᠂ ᠪᠠᠭᠰᠢ ᠰᠤᠷᠤᠬᠴᠢᠳ ᠶᠡᠷᠦᠩᠬᠡᠢ ᠱᠦᠵᠢ ᠳᠤ᠂ ᠪᠢᠳᠠ ᠶᠠᠭ ᠥᠪᠡᠷ ᠤᠨ ᠰᠤᠷᠤᠬᠰᠠᠨ ᠰᠢᠯᠤᠭᠤᠨ | ᠱᠤᠭᠤᠮ ᠤᠨ ᠬᠥᠳᠡᠯᠭᠡᠭᠡᠨ᠂ ᠮᠤᠷᠤᠢ ᠱᠤᠭᠤᠮ ᠤᠨ ᠬᠥᠳᠡᠯᠭᠡᠭᠡᠨ᠂ ᠨᠠᠯᠠᠤ ᠲᠠᠯ᠎ᠠ ᠶᠢᠨ ᠬᠥᠳᠡᠯᠭᠡᠭᠡᠨ ᠵᠡᠷᠭᠡ ᠮᠡᠳᠡᠯᠭᠡ ᠪᠠᠨ | ᠬᠡᠷᠡᠭᠯᠡᠵᠦ᠂ ᠵᠡᠷᠭᠡᠯᠡᠬᠦ ᠮᠣᠳᠣᠨ ᠲᠣᠭᠯᠠᠭᠠᠮ ᠢᠶᠠᠷ ᠠᠭᠤᠯᠠ ᠳᠠᠪᠠᠭ᠋ᠤ ᠲᠡᠷᠭᠡᠨ ᠤ ᠵᠠᠭᠪᠤᠷ ᠢ ᠵᠢᠷᠤᠵᠤ ᠲᠥᠯᠥᠪᠯᠡᠨ ᠰᠢᠯᠭᠠᠨ | ᠪᠠᠲᠤᠯᠠᠵᠤ ᠪᠠᠶᠢᠨ᠎ᠠ ᠭᠡᠵᠦ ᠬᠡᠯᠡᠵᠦ ᠥᠭᠪᠡ᠃ | ᠰᠢ ᠶᠢᠨ ᠫᠢᠩ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠬᠢᠴᠢᠶᠡᠯ ᠪᠣᠯ ᠬᠡᠦᠬᠡᠳ ᠤᠨ ᠰᠢᠨᠵᠢᠯᠡᠬᠦ ᠤᠬᠠᠭᠠᠨᠴᠢ | ᠰᠡᠳᠬᠢᠬᠦᠢ᠂ ᠦᠯᠦ ᠮᠡᠳᠡᠬᠦ ᠵᠦᠢᠯ ᠢᠶᠠᠨ ᠬᠠᠶᠢᠨ ᠰᠦᠪᠡᠭᠴᠢᠯᠡᠬᠦ ᠳᠤᠷ᠎ᠠ ᠪᠠᠬ᠎ᠠ ᠪᠣᠯᠣᠨ ᠰᠢᠨ᠎ᠡ ᠶᠢ ᠡᠭᠦᠳᠬᠦ ᠤᠬᠠᠮᠰᠠᠷ ᠢ | ᠬᠥᠮᠥᠵᠢᠭᠦᠯᠬᠦ ᠪᠦᠲᠦᠮᠵᠢᠲᠡᠢ ᠠᠷᠭ᠎ᠠ ᠭᠡᠯᠪᠡᠷᠢ ᠪᠣᠯᠣᠨ᠎ᠠ᠃ ᠰᠤᠷᠤᠬᠴᠢᠳ ᠬᠠᠷᠠᠬᠠᠨ ᠪᠠᠭ᠎ᠠ ᠠᠴᠠ ᠪᠠᠨ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ | ᠬᠦᠰᠡᠯ ᠵᠣᠷᠢᠯᠲᠠ ᠶᠢ ᠪᠤᠢ ᠪᠤᠯᠭᠠᠵᠤ᠂ ᠣᠳᠣᠬᠠᠨ ᠳᠤ ᠵᠣᠷᠢᠭᠲᠠᠢ ᠪᠠᠷ ᠪᠢᠴᠢᠬᠠᠨ ᠰᠢᠨᠵᠢᠯᠡᠬᠦ ᠤᠬᠠᠭᠠᠨᠲᠠᠨ ᠪᠣᠯᠵᠤ᠂ | ᠢᠷᠡᠭᠡᠳᠦᠢ ᠳᠤ ᠲᠣᠮᠣ ᠰᠢᠨᠵᠢᠯᠡᠬᠦ ᠤᠬᠠᠭᠠᠨᠲᠠᠨ ᠪᠤᠯᠬᠤ ᠪᠠᠷ ᠴᠢᠷᠮᠠᠶᠢᠵᠤ᠂ ᠮᠠᠨ ᠤ ᠤᠯᠤᠰ ᠤᠨ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ | ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠲᠠᠪᠤᠳᠤᠭᠠᠷ ᠣᠨ ᠤ ᠪᠠᠭᠰᠢ ᠶᠢᠨ ᠠᠯᠪᠠᠨ ᠭᠡᠷ ᠲᠤ ᠬᠦᠷᠴᠦ᠂ ᠰᠤᠳᠤᠯᠤᠨ ᠶᠠᠷᠢᠯᠴᠠᠵᠤ | ᠬᠢᠴᠢᠶᠡᠯ ᠪᠡᠯᠡᠳᠬᠡᠵᠦ ᠪᠠᠶᠢᠭ᠎ᠠ ᠪᠠᠭᠰᠢ ᠨᠠᠷ ᠢ ᠪᠣᠯᠭᠤᠭᠠᠨ ᠦᠵᠡᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ | ᠬᠢᠴᠢᠶᠡᠯ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠠᠰᠠᠭᠤᠪᠠ᠃ | ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠰᠢᠰᠲ᠋ᠧᠮ | ᠪᠣᠯ ᠰᠠᠶᠢᠨ ᠶᠤᠮ᠃ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠳᠡᠯᠡᠬᠡᠢ ᠳᠡᠭᠡᠷ᠎ᠡ ᠳᠠᠪᠠᠭᠤᠯᠢᠭ ᠲᠠᠯ᠎ᠠ ᠲᠠᠢ ᠶᠤᠮ᠃ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠥᠪᠡᠷ ᠤᠨ ᠰᠠᠶᠢᠨ ᠲᠠᠯ᠎ᠠ ᠪᠠᠨ ᠰᠠᠶᠢᠲᠤᠷ ᠪᠠᠷᠢᠮᠲᠠᠯᠠᠵᠤ᠂ ᠭᠠᠳᠠᠭᠠᠳᠤ ᠶᠢᠨ | ᠰᠠᠶᠢᠨ ᠲᠠᠯ᠎ᠠ ᠪᠠᠷ ᠰᠠᠶᠢᠲᠤᠷ ᠲᠣᠯᠢ ᠪᠤᠯᠭᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠨᠡᠭᠡᠭᠡᠯᠲᠡᠲᠡᠢ ᠪᠠᠷ | ᠬᠥᠭᠵᠢᠵᠦ᠂ ᠬᠡᠦᠬᠡᠳ ᠤᠳ ᠢ ᠨᠠᠩ ᠳᠡᠯᠭᠡᠷ ᠬᠠᠷᠠᠭᠠᠰᠤ᠂ ᠨᠠᠩ ᠥᠷᠭᠡᠨ ᠰᠡᠳᠬᠢᠮᠵᠢ᠂ ᠨᠠᠩ ᠨᠡᠭᠡᠭᠡᠯᠲᠡᠲᠤ | ᠣᠶᠢᠯᠠᠭᠠᠭᠳᠠᠬᠤᠨ ᠲᠠᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ᠂ | ᠵᠣᠷᠢᠭᠲᠠᠢ ᠪᠠᠷ ᠳᠡᠯᠡᠬᠡᠢ ᠶᠢᠨ ᠭᠠᠶᠢᠬᠠᠮᠰᠢᠭ ᠢ ᠡᠭᠦᠳᠬᠦ ᠤᠯᠤᠰ ᠤᠨ ᠲᠤᠯᠭᠠᠭᠤᠷᠢ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠴᠢᠳᠠᠪᠤᠷᠢᠲᠠᠨ ᠢ ᠬᠥᠮᠥᠵᠢᠭᠦᠯᠬᠦ ᠶᠢᠨ ᠵᠠᠩᠭᠢᠯᠠᠭ᠎ᠠ ᠨᠢ ᠪᠠᠭᠰᠢ ᠳᠤ | ᠪᠤᠢ᠃ ᠥᠷᠭᠡᠨ ᠤᠯᠠᠨ ᠪᠠᠭᠰᠢ ᠨᠠᠷ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ | ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠨ ᠰᠤᠷᠭᠠᠨ | ᠬᠥᠮᠥᠵᠢᠯᠲᠡᠨ ᠢᠶᠠᠷ ᠳᠠᠭᠤᠷᠢᠶᠠᠯ ᠪᠤᠯᠭᠠᠵᠤ᠂ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠵᠤ᠂ ᠶᠣᠰᠣ ᠰᠤᠷᠲᠠᠬᠤᠨ ᠢᠶᠠᠷ | ᠰᠤᠷᠭᠠᠭᠤᠯᠢ ᠡᠷᠭᠢᠯᠡᠵᠤ᠂ ᠶᠣᠰᠣ ᠰᠤᠷᠲᠠᠬᠤᠨ ᠢᠶᠠᠷ ᠵᠢᠭᠠᠨ ᠰᠤᠷᠭᠠᠬᠤ ᠬᠡᠷᠡᠭᠲᠡᠢ᠃ ᠨᠡᠶᠢᠭᠡᠮ ᠳᠠᠶᠠᠭᠠᠷ ᠲᠤ ᠪᠠᠭᠰᠢ ᠶᠢ | ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠵᠤ᠂ ᠪᠠᠭᠰᠢ ᠶᠢᠨ | ᠠᠵᠢᠯ ᠢ ᠨᠡᠶᠢᠭᠡᠮ ᠤᠨ ᠬᠦᠨᠳᠦᠳᠬᠡᠯ ᠪᠠ ᠬᠥᠮᠥᠰ ᠤᠨ ᠪᠠᠭ᠋ᠠᠷᠬᠠᠯ ᠢ ᠬᠠᠮᠤᠭ ᠠᠴᠠ ᠢᠯᠡᠭᠦᠦ ᠣᠯᠣᠭᠰᠠᠨ ᠲᠤᠬᠠᠶᠢᠯᠠᠬᠰᠨ | ᠠᠵᠢᠯ ᠪᠤᠯᠭᠠᠵᠤ᠂ ᠰᠢᠯᠢᠳᠡᠭ ᠴᠢᠳᠠᠪᠤᠷᠢᠲᠠᠨ ᠢᠳᠡᠪᠬᠢᠯᠡᠨ ᠪᠠᠭᠰᠢ ᠪᠤᠯᠬᠤ᠂ ᠰᠢᠯᠢᠳᠡᠭ ᠪᠠᠭᠰᠢ ᠲᠠᠰᠤᠷᠠᠯᠳᠠ ᠦᠭᠡᠢ | ᠴᠣᠯᠭᠤᠷᠠᠨ ᠭᠠᠷᠬᠤ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠤᠷᠭᠠᠭᠤᠯᠢ ᠶᠢᠨ ᠵᠢᠵᠢᠭ ᠠᠭᠤᠳᠠᠮ ᠲᠠᠯᠠᠪᠠᠢ ᠳᠤ ᠪᠠᠭᠰᠢ ᠰᠤᠷᠤᠬᠴᠢᠳ ᠶᠡᠷᠦᠩᠬᠡᠢ ᠱᠦᠵᠢ ᠶᠢ ᠬᠠᠯᠠᠭᠤᠨ ᠢᠶᠠᠷ | ᠦᠳᠡᠨ ᠮᠣᠷᠳᠠᠭᠤᠯᠪᠠ᠃ ᠰᠢ ᠶᠢᠨ ᠫᠢᠩ ᠬᠡᠦᠬᠡᠳ ᠤᠳ ᠤᠨ ᠢᠳᠡᠷᠡᠭᠦᠨ ᠢᠶᠠᠷ ᠦᠰᠦᠨ ᠪᠤᠶᠢᠵᠢᠵᠤ᠂ ᠡᠷᠡᠭᠦᠯ | ᠴᠢᠭᠢᠷᠠᠭ ᠢᠶᠠᠷ ᠴᠢᠳᠠᠪᠤᠷᠢᠲᠠᠨ ᠪᠤᠯᠬᠤ ᠶᠢ ᠵᠥᠩᠨᠡᠭᠰᠡᠨ ᠪᠥᠭᠡᠳ ᠪᠦᠭᠦ ᠤᠯᠤᠰ ᠤᠨ ᠥᠷᠭᠡᠨ ᠤᠯᠠᠨ ᠪᠠᠭᠠᠴᠤᠳ | ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠲᠡᠷᠡ᠂ | ᠡᠨᠡ ᠡᠳᠦᠷ ᠪᠢ ᠲᠤᠰᠬᠠᠶᠢᠯᠠᠨ ᠪᠡᠭᠡᠵᠢᠩ ᠤᠨ ᠢᠦᠢ ᠶᠢᠩ ᠰᠤᠷᠭᠠᠭᠤᠯᠢ ᠳᠤ ᠢᠷᠡᠵᠤ ᠤᠯᠠᠨ ᠢ ᠡᠷᠭᠢᠨ ᠦᠵᠡᠵᠦ᠂ | ᠪᠢᠴᠢᠬᠠᠨ ᠨᠠᠶᠢᠵᠠ ᠨᠠᠷ ᠲᠠᠢ ︽6 · 1︾ ᠤ ᠬᠡᠦᠬᠡᠳ ᠤᠨ ᠪᠠᠶᠠᠷ ᠢ ᠬᠠᠮᠲᠤ ᠪᠠᠷ ᠪᠡᠯᠭᠡᠯᠡᠪᠡ᠃ ᠰᠤᠷᠤᠬᠴᠢ ᠨᠥᠬᠦᠳ ᠤᠨ | ᠠᠰᠪᠤᠷᠢ ᠴᠠᠶᠢᠯᠭᠠᠨ ᠴᠣᠪᠣᠭᠤ ᠳᠡᠭᠵᠢᠨ᠂ ᠴᠤᠭ ᠪᠠᠳᠠᠷᠠᠩᠭᠤᠢ᠂ ᠵᠣᠯ ᠵᠢᠷᠭᠠᠯ ᠲᠠᠢ ᠢᠨᠢᠶᠡᠮᠰᠦᠭᠯᠡᠯ ᠢ ᠦᠵᠡᠭᠡᠳ ᠲᠤᠩ | ᠪᠠᠶᠠᠷ ᠲᠠᠢ ᠪᠠᠶᠢᠨ᠎ᠠ᠃ ᠨᠠᠮ ᠤᠨ ᠲᠥᠪ ᠬᠤᠷᠢᠶ᠎ᠠ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ | ᠢᠮᠠᠭᠲᠠ ᠬᠠᠯᠠᠮᠵᠢᠯᠠᠨ ᠬᠠᠷᠠᠭᠠᠯᠵᠠᠵᠤ᠂ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠬᠡᠦᠬᠡᠳ ᠤᠨ | ᠡᠷᠡᠭᠦᠯ ᠢᠶᠠᠷ ᠦᠰᠦᠨ ᠪᠤᠶᠢᠵᠢᠬᠤ ᠳᠤ ᠨᠡᠩ ᠰᠠᠶᠢᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠤᠨ ᠢᠯᠡᠳᠲᠡ ᠳᠠᠪᠠᠭᠤᠯᠢᠭ | ᠳᠣᠣᠷ᠎ᠠ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ | ᠬᠡᠦᠬᠡᠳ ᠯᠠᠪᠲᠠᠢ ᠤᠯᠠᠮ ᠠᠴᠠ ᠤᠯᠠᠮ ᠵᠣᠯ ᠵᠢᠷᠭᠠᠯ ᠲᠠᠢ ᠪᠣᠯᠵᠤ᠂ ᠯᠠᠪᠲᠠᠢ ᠨᠡᠩ ᠰᠠᠶᠢᠨ ᠰᠠᠶᠢᠬᠠᠨ ᠢᠷᠡᠭᠡᠳᠦᠢ ᠲᠠᠢ | ᠪᠤᠯᠬᠤ ᠶᠢ ᠪᠢ ᠢᠲᠡᠭᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠬᠡᠦᠬᠡᠳ ᠪᠠᠭᠠᠴᠤᠳ ᠤᠨ ᠦᠢᠯᠡᠰ ᠤᠨ ᠬᠥᠭᠵᠢᠯᠲᠡ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠦᠨᠡᠨ | ᠬᠦ ᠰᠠᠶᠢᠲᠤᠷ ᠬᠢᠵᠦ᠂ ᠬᠦᠴᠢᠷᠳᠡᠯ ᠲᠠᠢ ᠭᠡᠷ ᠪᠦᠯᠢ ᠶᠢᠨ ᠬᠡᠦᠬᠡᠳ ᠢᠯᠠᠩᠭᠤᠶ᠎ᠠ ᠥᠨᠥᠴᠢᠨ ᠬᠡᠦᠬᠡᠳ ᠪᠠ ᠵᠡᠮᠳᠡᠭ ᠬᠡᠦᠬᠡᠳ ᠢ | ᠬᠠᠯᠠᠮᠵᠢᠯᠠᠨ ᠬᠠᠪᠰᠤᠷᠴᠤ᠂ ᠪᠤᠢ ᠪᠦᠬᠦᠢ ᠬᠡᠦᠬᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ | ᠮᠡᠳᠡᠷᠡᠭᠦᠯᠵᠦ᠂ ᠵᠣᠯ ᠵᠢᠷᠭᠠᠯ ᠲᠠᠢ ᠰᠠᠶᠢᠨ ᠰᠠᠶᠢᠬᠠᠨ ᠪᠠᠭ᠎ᠠ ᠨᠠᠰᠤ ᠶᠢ ᠡᠳ᠋ᠯᠡᠭᠦᠯᠭᠦ ᠬᠡᠷᠡᠭᠲᠡᠢ ᠭᠡᠵᠡᠢ᠃ | ᠰᠢ ᠶᠢᠨ ᠫᠢᠩ ᠰᠤᠷᠤᠬᠴᠢ ᠨᠥᠬᠦᠳ ᠲᠤ᠂ ᠥᠨᠥᠳᠥᠷ ᠤᠨ ᠪᠠᠭᠠᠴᠤᠳ ᠬᠡᠦᠬᠡᠳ ᠪᠣᠯ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠵᠠᠯᠭᠠᠮᠵᠢᠯᠠᠭᠴᠢ ᠪᠠ ᠢᠷᠡᠭᠡᠳᠦᠢ ᠶᠢᠨ ᠭᠤᠣᠯ ᠬᠦᠴᠦᠨ ᠮᠥᠨ᠃ ᠲᠤᠰ ᠵᠠᠭᠤᠨ ᠤ ᠳᠤᠮᠳᠠᠴᠢ ᠦᠶ᠎ᠡ ᠪᠠᠷ ᠮᠠᠨ ᠤ | ᠤᠯᠤᠰ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠥᠯᠥᠭᠡ ᠤᠳᠤ ᠮᠠᠨ ᠤ ᠡᠨᠡ ᠦᠶ᠎ᠡ ᠶᠢᠨ ᠬᠥᠮᠥᠰ ᠴᠢᠷᠮᠠᠶᠢᠨ ᠲᠡᠮᠡᠴᠡᠵᠦ ᠪᠠᠶᠢᠨ᠎ᠠ᠂ ᠢᠷᠡᠭᠡᠳᠦᠢ ᠳᠤ ᠲᠠ | ᠨᠠᠷ ᠤᠨ ᠦᠷᠭᠦᠯᠵᠢᠯᠡᠨ ᠲᠡᠮᠡᠴᠡᠬᠦ ᠳᠤ ᠲᠦᠰᠢᠭᠯᠡᠬᠦ ᠪᠣᠯᠣᠨ᠎ᠠ ᠭᠡᠪᠡ᠃ | ᠰᠢ ᠶᠢᠨ ᠫᠢᠩ ᠥᠷᠭᠡᠨ ᠣᠯᠠᠨ ᠭᠡᠷ ᠤᠨ ᠠᠬᠠᠮᠠᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠭᠡᠷ ᠪᠦᠯᠢ ᠵᠣᠯ | ᠵᠢᠷᠭᠠᠯ ᠲᠠᠢ ᠪᠠᠶᠢᠬᠤ ᠶᠢ ᠬᠦᠰᠡᠨ ᠵᠥᠩᠨᠡᠵᠦ᠂ ᠥᠷᠭᠡᠨ ᠣᠯᠠᠨ ᠪᠠᠭᠰᠢ ᠨᠠᠷ ᠠᠷᠢᠭᠤᠨ ᠳᠠᠷᠬᠠᠨ ᠠᠵᠢᠯ ᠤᠨ ᠪᠠᠶᠢᠷᠢ | ᠳᠡᠭᠡᠷ᠎ᠡ ᠪᠠᠨ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠨ ᠵᠥᠩᠨᠡᠪᠡ᠃ | ᠶᠢᠨ ᠯᠢ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ | ᠬᠤᠳᠠ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ︶ | |