ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠭᠤᠷᠪᠠᠳᠤᠭᠠᠷ ᠳᠤᠮᠳᠠᠳᠤ ᠰᠤᠷᠭᠠᠭᠤᠯᠢ ᠤᠨ ᠬᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠰᠢᠯᠭᠠᠯᠲᠠ ᠶᠢ ᠠᠷᠭᠠᠴᠠᠭᠠᠨ ᠳᠠᠷᠤᠯᠲᠠ ᠶᠢ ᠲᠠᠶᠢᠯᠬᠤ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2023/6/12
    ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠦᠨᠳᠦᠳᠬᠡᠬᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ ᠰᠡᠳᠬᠢᠯᠭᠡ ᠶᠢ ᠬᠥᠮᠦᠵᠢᠭᠦᠯᠵᠦ᠂ ᠰᠤᠷᠤᠭᠴᠢᠳ ᠤᠨ ᠰᠡᠳᠬᠢᠴᠡ ᠶᠢᠨ ᠬᠡᠪ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠤᠰᠠᠳᠠ᠂ ︽ᠬᠤᠷᠢᠨᠭᠡᠷ ᠰᠢᠶᠠᠨ ᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠤᠨ ᠲᠥᠰᠦᠯ︾ ᠤᠨ ᠵᠣᠷᠢᠭ ᠰᠠᠨᠠᠭ᠎ᠠ ᠶᠣᠰᠣᠭᠠᠷ᠂ 6 ᠰᠠᠷ᠎ᠠ ᠶᠢᠨ 9 ᠤ ᠡᠳᠦᠷ᠂ ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠤᠷᠪᠠᠳᠤᠭᠠᠷ ᠳᠤᠮᠳᠠᠳᠤ ᠰᠤᠷᠭᠠᠭᠤᠯᠢ ᠤᠨ ᠬᠢᠨ ᠥᠨᠳᠥᠷ ᠳᠤᠮᠳᠠᠳᠤ ᠶᠢᠨ ᠰᠢᠯᠭᠠᠯᠲᠠ ᠶᠢᠨ ᠰᠢᠯᠭᠠᠯᠲᠠ ᠳᠤ ᠣᠷᠣᠯᠴᠠᠬᠤ ᠳᠠᠷᠤᠯᠲᠠ ᠶᠢ ᠲᠠᠶᠢᠯᠬᠤ ᠰᠡᠳᠬᠢᠴᠡ ᠶᠢᠨ ᠬᠠᠪᠰᠤᠷᠤᠨ ᠵᠢᠯᠤᠭᠤᠳᠤᠯᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠪᠡ
     ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠪᠣᠯ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠠᠴᠠ ᠡᠮᠦᠨᠡᠬᠢ ᠪᠡᠯᠡᠳᠬᠡᠯ ᠤᠷᠤᠯᠳᠤᠭᠠᠨ ᠮᠥᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠮᠢᠳᠤᠷᠠᠯ ᠤᠨ ᠵᠠᠩᠭᠢᠯᠠᠭ᠎ᠠ ᠶᠢᠨ ᠭᠤᠭᠴᠤᠭ᠎ᠠ ᠮᠥᠨ᠂ ᠪᠠᠰᠠ ᠴᠤ ᠮᠠᠰᠢ ᠣᠯᠠᠨ ᠬᠥᠮᠦᠰ ᠲᠤ ᠬᠤᠪᠢ ᠳᠠᠬᠢᠨ ᠳᠠᠷᠤᠯᠲᠠ ᠥᠭᠬᠦ ᠴᠠᠭ ᠮᠥᠴᠡ ᠮᠥᠨ᠃ ᠦ᠋ ᠰᠢᠶᠠ ᠪᠠᠭᠰᠢ ᠤᠷᠮ᠎ᠠ ᠰᠡᠳᠬᠢᠯᠭᠡ ᠶᠢᠨ ᠪᠣᠳᠠᠲᠤ ᠵᠢᠱᠢᠶ᠎ᠡ ᠶᠢ ᠵᠠᠳᠠᠯᠬᠤ ᠠᠷᠭ᠎ᠠ ᠪᠠᠷ ᠳᠠᠮᠵᠢᠭᠤᠯᠤᠨ ᠥᠷᠨᠢᠭᠦᠯᠵᠦ᠂ ᠰᠤᠷᠤᠭᠴᠢᠳ ᠢ ᠵᠢᠯᠣᠭᠤᠳᠤᠨ ᠰᠢᠯᠭᠠᠯᠲᠠ ᠠᠴᠠ ᠡᠮᠦᠨᠡᠬᠢ ᠰᠡᠳᠬᠢᠴᠡ ᠶᠢᠨ ᠡᠪ ᠥᠬᠡᠶ ᠪᠠᠶᠢᠳᠠᠯ ᠢ ᠵᠥᠪ ᠣᠨᠣᠪᠴᠢᠲᠠᠶ ᠲᠠᠨᠢᠭᠤᠯᠵᠤ᠂ ᠰᠢᠯᠭᠠᠯᠲᠠ ᠶᠢ ᠤᠭᠲᠤᠬᠤ ᠰᠡᠳᠬᠢᠴᠡ ᠪᠠᠨ ᠴᠠᠭ ᠲᠤᠬᠠᠶ ᠳᠤᠨᠢ ᠵᠣᠬᠢᠴᠠᠭᠤᠯᠬᠤ ᠶᠢ ᠰᠤᠷᠭᠠᠵᠠᠶ᠃ ᠲᠣᠭᠯᠠᠭᠠᠮ ᠤᠨ ᠦᠢᠯᠡᠳᠦᠯᠴᠡᠯ ᠢᠶᠠᠷ ᠰᠤᠷᠤᠭᠴᠢᠳ ᠢ ᠬᠥᠲᠥᠯᠦᠨ ᠵᠢᠯᠣᠭᠤᠳᠴᠤ ᠲᠣᠰ ᠪᠡᠶ᠎ᠡ ᠶᠢᠨ ᠪᠠᠶᠢᠳᠠᠯ ᠢᠶᠠᠨ ᠲᠣᠬᠢᠷᠠᠭᠤᠯᠬᠤ᠂ ᠰᠡᠳᠬᠢᠴᠡ ᠶᠢᠨ ᠳᠠᠷᠤᠭᠠᠰᠤ ᠪᠠᠨ ᠬᠥᠩᠭᠡᠷᠡᠭᠦᠯᠬᠦ ᠠᠷᠭ᠎ᠠ ᠶᠢ ᠡᠵᠡᠮᠰᠢᠭᠦᠯᠵᠦ᠂ ᠤᠷᠮ᠎ᠠ ᠰᠡᠳᠬᠢᠯᠭᠡ ᠪᠠᠨ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ᠂ ᠰᠢᠯᠭᠠᠯᠲᠠ ᠶᠢᠨ ᠡᠮᠦᠨᠡᠬᠢ ᠲᠥᠭᠡᠷᠢᠭᠳᠡᠯ ᠪᠠ ᠳᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠪᠠ᠃
     ᠵᠠᠯᠠᠭᠤᠴᠤᠳ ᠮᠠᠨᠳᠤᠪᠠᠯ ᠤᠯᠤᠰ ᠮᠠᠨᠳᠤᠵᠤ᠂ ᠵᠠᠯᠠᠭᠤᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠵᠢᠷᠭᠤᠳᠣᠭᠠᠷ ᠰᠠᠷ᠎ᠠ ᠳᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠨᠡᠶᠢᠭᠡᠮ ᠨᠡᠶᠢᠲᠡ ᠶᠢᠨ ᠠᠩᠬᠠᠷᠤᠯ ᠤᠨ ᠲᠥᠪᠯᠡᠷᠡᠯ ᠤᠨ ᠴᠡᠭ ᠨᠢ ᠴᠥᠮ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠭᠡᠵᠦ ᠪᠠᠶᠢᠭ᠎ᠠ ᠰᠢᠯᠭᠠᠭᠤᠯᠤᠭᠴᠢ ᠶᠢᠨ ᠪᠡᠶ᠎ᠡ ᠳᠡᠭᠡᠷ᠎ᠡ ᠲᠥᠪᠯᠡᠷᠡᠵᠦ᠂ ᠰᠤᠷᠤᠭᠴᠢᠳ ᠴᠤ ᠬᠥᠮᠦᠨ ᠤ ᠠᠮᠢᠳᠤᠷᠠᠯ ᠤᠨ ᠴᠣ᠋ ᠰᠢᠨ᠎ᠡ ᠱᠠᠲᠤᠨ ᠳᠤ ᠣᠷᠣᠬᠤ ᠪᠣᠯᠤᠨ᠎ᠠ᠃ ᠲᠤᠰ ᠤᠳᠠᠭ᠎ᠠ ᠶᠢᠨ ᠲᠠᠶᠢᠯᠤᠮᠵᠢ ᠠᠴᠠ ᠰᠤᠷᠤᠭᠴᠢᠳ ᠤᠨ ᠢᠲᠡᠭᠡᠯ ᠢ ᠳᠡᠭᠡᠭᠰᠢᠯᠡᠭᠦᠯᠵᠦ᠂ ᠢᠳᠡᠪᠬᠢᠲᠡᠢ ᠰᠡᠳᠬᠢᠴᠡ ᠶᠢᠨ ᠪᠠᠶᠢᠳᠠᠯ ᠢᠶᠠᠨ ᠪᠠᠷᠢᠮᠲᠠᠯᠠᠵᠤ ᠥᠨᠳᠥᠷ ᠳᠤᠮᠳᠠᠳᠤ ᠶᠢᠨ ᠰᠢᠯᠭᠠᠯᠲᠠ ᠶᠢ ᠤᠭᠲᠤᠬᠤ ᠶᠢ ᠵᠢᠭᠠᠨ ᠵᠢᠯᠣᠭᠤᠳᠴᠤ᠂ ᠪᠠᠭᠰᠢ ᠰᠤᠷᠤᠭᠴᠢᠳ ᠤᠨ ᠰᠠᠶᠢᠨ ᠦᠨᠡᠯᠡᠯᠲᠡ ᠶᠢ ᠣᠯᠵᠤ᠂ ᠮᠠᠨ ᠤ ᠰᠢᠶᠠᠨ ᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ  ᠰᠢᠰᠲ᠋ᠧᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号