6 ᠳ᠋ᠤᠭᠠᠷ ᠰᠠᠷ᠎ᠠ ᠶᠢᠨ 9 ᠤ ᠡᠳᠦᠷ ᠪᠣᠯ ᠠᠷᠪᠠᠨ ᠵᠢᠷᠭᠤᠳᠤᠭᠠᠷ ᠤᠳᠠᠭ᠎ᠠ ᠶᠢᠨ ᠳᠡᠯᠡᠬᠡᠢ ᠶᠢᠨ ᠲᠠᠩᠰᠠ | ᠡᠪᠬᠡᠮᠡᠯ ᠤᠨ ᠡᠳᠦᠷ ᠪᠣᠯᠣᠨ᠎ᠠ᠂ ᠡᠨᠡ ᠵᠢᠯ ᠤᠨ ᠭᠤᠣᠯ ᠰᠡᠳᠦᠪ ᠨᠢ ︽ᠰᠢᠨ᠎ᠡ ᠠᠶᠠᠨ ᠵᠠᠮ ᠳᠠᠭᠠᠨ ᠡᠷᠡᠯᠬᠡᠭᠯᠡᠨ | ᠤᠷᠤᠭᠰᠢᠯᠠᠵᠤ ᠯᠠᠨᠲ᠋ᠠᠢ ᠶᠢᠨ ᠲᠡᠮᠳᠡᠭᠯᠡᠯ ᠤᠨ ᠰᠢᠨ᠎ᠡ ᠬᠠᠭᠤᠳᠠᠰᠤ ᠶᠢ ᠪᠢᠴᠢᠶ᠎ᠡ︾ ᠪᠣᠯᠣᠨ᠎ᠠ᠃ ᠲᠤᠬᠠᠢ ᠶᠢᠨ ᠡᠳᠦᠷ᠂ | ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠬᠤᠲᠠ ᠶᠢᠨ ᠳᠥᠷᠪᠡᠨ ᠲᠣᠭᠤᠷᠢᠭ ᠤᠨ ᠭᠤᠷᠪᠠᠨ ᠱᠠᠲᠤᠨ ᠤ | ᠲᠠᠩᠰᠠ ᠡᠪᠬᠡᠮᠡᠯ ᠤᠨ ᠰᠠᠯᠠᠭ᠎ᠠ ᠮᠥᠴᠢᠷ ᠬᠠᠮᠲᠤᠷᠠᠨ ᠰᠢᠨᠬᠤᠸᠠ ᠲᠠᠯᠠᠪᠠᠶ ᠳᠤ ᠤᠬᠠᠭᠤᠯᠭ᠎ᠠ ᠶᠢᠨ ᠠᠵᠢᠯᠯᠠᠭ᠎ᠠ | ᠡᠷᠭᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠶᠢᠨ ᠰᠣᠨᠢᠨ ᠢ | ᠳᠡᠯᠭᠡᠨ ᠦᠵᠡᠭᠦᠯᠬᠦ᠂ ᠲᠠᠩᠰᠠ ᠡᠪᠬᠡᠮᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠯᠲᠠ ᠬᠢᠬᠦ᠂ ᠰᠣᠨᠢᠷᠬᠠᠯᠲᠤ ᠠᠰᠠᠭᠤᠯᠲᠠ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠦᠢᠯᠡᠴᠢᠯᠡᠭᠡ ᠥᠷᠨᠢᠭᠦᠯᠵᠦ᠂ | ᠣᠯᠠᠨ ᠲᠦᠮᠡᠨ ᠢ ᠬᠥᠲᠥᠯᠥᠨ ᠵᠢᠯᠤᠭᠤᠳᠴᠤ ᠲᠠᠩᠰᠠ ᠡᠪᠬᠡᠮᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠭᠤᠯᠵᠤ᠂ ᠣᠯᠠᠨ ᠲᠦᠮᠡᠨ ᠳᠤ ᠲᠠᠩᠰᠠ ᠡᠪᠬᠡᠮᠡᠯ ᠤᠨ ᠰᠣᠶᠣᠯ ᠤᠨ ᠥᠪᠡᠷᠮᠢᠴᠡ | ᠲᠠᠲᠠᠬᠤ ᠬᠦᠴᠦᠨ ᠪᠠ ᠴᠢᠬᠤᠯᠠ ᠦᠨ᠎ᠡ ᠥᠷᠲᠡᠭ ᠢ ᠮᠡᠳᠡᠷᠡᠭᠦᠯᠵᠦ᠂ ᠲᠠᠩᠰᠠ ᠡᠪᠬᠡᠮᠡᠯ ᠤᠨ ᠠᠵᠢᠯ ᠤᠨ | ᠨᠡᠶᠢᠭᠡᠮ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠨ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠪᠠᠰᠠ ᠭᠤᠣᠯ ᠰᠡᠳᠦᠪᠲᠦ | ᠡᠬᠡ ᠪᠢᠴᠢᠭ ᠡᠯᠰᠡᠬᠦ᠂ ᠮᠡᠳᠡᠯᠭᠡ ᠶᠢᠨ ᠥᠷᠢᠰᠦᠯᠳᠦᠭᠡᠨ ᠤ ᠬᠠᠷᠢᠭᠤᠯᠲᠠ ᠥᠭᠬᠦ᠂ ᠲᠠᠩᠰᠠ ᠡᠪᠬᠡᠮᠡᠯ ᠤᠨ ᠬᠠᠤᠯᠢ | ᠲᠦᠭᠡᠮᠡᠯᠵᠢᠭᠦᠯᠬᠦ᠂ ᠲᠠᠩᠰᠠ ᠡᠪᠬᠡᠮᠡᠯ ᠤᠨ ᠬᠠᠨᠳᠢᠪᠯᠡᠯ᠂ ᠲᠠᠩᠰᠠ ᠡᠪᠬᠡᠮᠡᠯ ᠤᠨ ᠣᠷᠳᠣᠨ ᠤ ᠨᠡᠭᠡᠭᠡᠯᠲᠡ ᠶᠢᠨ ᠡᠳᠦᠷ | ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠪᠢᠰᠬᠠᠯ ᠢ ᠰᠤᠳᠤᠯᠤᠨ ᠰᠤᠷᠤᠯᠴᠠᠬᠤ ᠵᠡᠷᠭᠡ ᠰᠢᠷᠢᠰ | ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠲᠠᠩᠰᠠ ᠡᠪᠬᠡᠮᠡᠯ ᠤᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ | ᠂ ᠲᠠᠩᠰᠠ ᠡᠪᠬᠡᠮᠡᠯ ᠤᠨ ᠰᠣᠶᠣᠯ ᠢ ᠤᠯᠠᠮᠵᠢᠯᠠᠨ᠂ ᠨᠠᠩ ᠣᠯᠠᠨ ᠬᠥᠮᠥᠨ ᠳᠤ ᠲᠠᠩᠰᠠ ᠡᠪᠬᠡᠮᠡᠯ ᠢ ᠠᠩᠬᠠᠷᠤᠭᠤᠯᠵᠤ᠂ | ᠲᠠᠩᠰᠠ ᠡᠪᠬᠡᠮᠡᠯ ᠳᠤ ᠣᠶᠢᠷᠠᠲᠤᠭᠤᠯᠵᠤ᠂ ᠨᠡᠶᠢᠭᠡᠮ ᠳᠠᠶᠠᠭᠠᠷ ᠤᠨ ᠲᠠᠩᠰᠠ ᠡᠪᠬᠡᠮᠡᠯ ᠤᠨ ᠦᠢᠯᠡᠰ ᠢ ᠬᠠᠯᠠᠮᠵᠢᠯᠠᠨ | ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃ |