ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠬᠤᠷᠢᠨᠭᠡᠷ ᠰᠢᠶᠠᠨ ᠳᠤ ᠴᠢᠩᠭ᠎ᠠ ᠲᠤᠰᠬᠠᠯ ᠭᠠᠷᠭᠠᠪᠠ
ᠨᠡᠶᠢᠲᠡᠯᠡᠭᠰᠡᠨ ᠴᠠᠭ᠄
2023/6/13
     ᠤᠢᠢᠷ᠎ᠠ ᠳᠤ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ ︾ ᠶᠢ ᠪᠠᠶᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
     ᠱᠧᠩ ᠯᠧ ᠪᠠᠯᠭᠠᠰᠤᠨ ᠤ ᠲᠠᠶᠢᠵᠢ ᠶᠢᠨ ᠠᠶᠢᠯ ᠲᠣᠰᠬᠤᠨ᠂ ᠴᠧᠩ ᠭᠤᠸᠠᠨ ᠪᠠᠯᠭᠠᠰᠤᠨ ᠤ ᠠᠭᠤᠳᠠᠮ ᠲᠠᠯᠠᠪᠠᠢ ᠶᠢᠨ ᠨᠡᠶᠢᠭᠡᠮ ᠲᠣᠭᠤᠷᠢᠭ ᠵᠢᠴᠢ ᠡᠯ᠎ᠡ ᠨᠢᠭᠡᠴᠡ ᠰᠠᠯᠠᠭ᠎ᠠ ᠮᠥᠴᠢᠷ ᠤᠨ ᠬᠢᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠰᠣᠨᠢᠨ ᠮᠡᠳᠡᠭᠡᠯᠡᠯ ᠢ ᠢᠳᠡᠪᠬᠢᠲᠡᠢ ᠬᠦᠯᠢᠶᠡᠨ ᠠᠪᠴᠤ ᠰᠣᠨᠣᠰᠪᠠ᠃      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠤᠷᠢᠨᠭᠡᠷ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠠᠢ᠃
     ᠱᠧᠩ ᠯᠧ ᠪᠠᠯᠭᠠᠰᠤᠨ ᠤ ᠲᠠᠶᠢᠵᠢ ᠶᠢᠨ ᠠᠶᠢᠯ ᠲᠣᠰᠬᠤᠨ ᠤ ᠨᠠᠮ ᠤᠨ ᠡᠭᠦᠷ ᠤᠨ ᠱᠦᠵᠢ ᠯᠦ ᠶᠢᠨ ᠵᠤ᠋᠄ ︽ᠶᠡᠷᠦᠩᠬᠡᠢ ᠱᠦᠵᠢ ᠰᠢ ᠶᠢᠨ ᠫᠢᠩ ᠮᠠᠨ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢ ᠰᠣᠨᠣᠰᠤᠭᠠᠳ ᠮᠠᠰᠢ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠬᠤ ᠪᠣᠯ ᠵᠠᠪᠠᠯ ᠶᠠᠪᠤᠬᠤ ᠵᠠᠮ ᠮᠥᠨ᠂ ᠪᠢᠳᠡ ᠪᠣᠬᠢᠷᠲᠤᠯ ᠥᠬᠡᠶ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠮᠠᠨ ᠤ ᠲᠣᠰᠬᠤᠨ ᠤ ᠤᠨᠴᠠᠯᠢᠬᠳᠤ ᠴᠠᠷᠭᠠᠰᠤ ᠡᠪᠡᠰᠦ ᠳᠠᠷᠢᠬᠤ ᠠᠵᠤ ᠦᠢᠯᠡᠰ ᠢᠶᠠᠷ ᠤᠳᠤᠷᠢᠳᠤᠮᠵᠢ ᠪᠣᠯᠭᠠᠬᠤ ᠬᠡᠷᠡᠭᠲᠡᠶ᠃ ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠡᠬᠢ ᠪᠠᠶᠠᠯᠢᠭ ᠢ ᠡᠷᠢᠵᠦ ᠬᠥᠭᠵᠢᠯᠲᠡ ᠶᠢ ᠠᠬᠢᠭᠤᠯᠵᠤ᠂ ᠬᠠᠶᠠᠭᠳᠠᠯ ᠢ ᠡᠬᠢ ᠪᠠᠶᠠᠯᠢᠭ ᠪᠣᠯᠭᠠᠨ ᠬᠤᠪᠢᠷᠠᠭᠤᠯᠬᠤ᠂ ᠡᠬᠢ ᠪᠠᠶᠠᠯᠢᠭ ᠢ ᠡᠳ᠋ ᠬᠦᠷᠦᠩᠭᠡ ᠪᠣᠯᠭᠠᠨ ᠬᠤᠪᠢᠷᠠᠭᠤᠯᠬᠤ᠂ ᠡᠳ᠋ ᠬᠦᠷᠦᠩᠭᠡ ᠶᠢ ᠪᠡᠯᠡ ᠮᠥᠩᠭᠦ ᠪᠣᠯᠭᠠᠨ ᠬᠤᠪᠢᠷᠠᠭᠤᠯᠬᠤ᠂ ᠲᠣᠰᠬᠤᠨ ᠤ ᠠᠷᠠᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠬᠥᠭᠵᠢᠯᠲᠡ ᠶᠢᠨ ᠰᠡᠳᠬᠢᠴᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠠᠨ ᠤ ᠲᠣᠰᠬᠤᠨ ᠤ ︽ᠦᠡᠭᠭᠡ ᠵᠢᠰᠦ︾ ᠶᠢ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢᠨ ︽ᠦᠢᠯᠡᠳᠬᠦᠨ ᠤ ᠦᠷᠳᠡᠭ︾ ᠪᠣᠯᠭᠠᠨ ᠬᠤᠪᠢᠷᠠᠭᠤᠯᠵᠤ᠂ ᠦᠵᠡᠰᠬᠦᠯᠡᠩᠲᠦ ᠰᠠᠶᠢᠬᠠᠨ ᠠᠮᠢ ᠠᠬᠤᠢ ᠪᠠᠷ ᠦᠵᠡᠰᠬᠦᠯᠡᠩᠲᠦ ᠰᠠᠶᠢᠬᠠᠨ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠦᠵᠡᠰᠬᠦᠯᠡᠩᠲᠦ ᠰᠠᠶᠢᠬᠠᠨ ᠲᠦᠷᠦᠯ ᠵᠦᠢᠯ ᠢᠶᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠠᠬᠢᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠦᠵᠡᠰᠬᠦᠯᠡᠩᠲᠦ ᠰᠠᠶᠢᠬᠠᠨ ᠠᠮᠢ ᠠᠬᠤᠢ ᠶᠢ ᠲᠡᠳᠬᠦᠬᠦ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠬᠡᠷᠡᠭᠲᠡᠢ ᠭᠡᠵᠡᠶ᠃︾ ᠭᠡᠵᠦ ᠬᠡᠯᠡᠭᠰᠡᠨ ᠪᠠᠶᠢᠨ᠎ᠠ᠃
     ᠴᠧᠩ ᠭᠤᠸᠠᠨ ᠪᠠᠯᠭᠠᠰᠤᠨ ᠤ ᠠᠭᠤᠳᠠᠮ ᠲᠠᠯᠠᠪᠠᠢ ᠶᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠢ ᠰᠢᠶᠤᠤ ᠸᠧᠢ᠄ ︽ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠨᠢ ᠠᠵᠢᠯᠯᠠᠭ᠎ᠠ ᠳᠡᠭᠡᠷ᠎ᠡ ᠪᠠᠨ ᠪᠠᠶᠢᠵᠤ᠂ ᠳᠡᠷᠭᠡᠳᠡ ᠨᠢ ᠪᠠᠶᠢᠬᠤ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠪᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ ᠬᠤᠶᠢᠰᠢᠳᠠ ᠶᠢᠨ ᠠᠵᠢᠯ ᠳᠤᠮᠳᠠ᠂ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠷᠠᠳ ᠤᠨ ᠠᠮᠢᠳᠤᠷᠠᠯ ᠤᠨ ᠠᠰᠠᠭᠤᠳᠠᠯ ᠢ ᠰᠡᠳᠬᠢᠯ ᠳᠡᠭᠡᠨ ᠪᠤᠳᠤᠵᠤ᠂ ᠥᠪᠡᠷ ᠤᠨ ᠪᠡᠶ᠎ᠡ ᠪᠠᠷ ᠢᠶᠠᠨ ᠤᠯᠤᠰ ᠲᠠᠭᠠᠨ ᠵᠢᠳᠬᠦᠬᠦ ᠴᠢᠩ ᠦᠨᠡᠨᠴᠢ ᠢᠲᠡᠭᠡᠯ ᠢ ᠡᠪᠦᠷᠯᠡᠵᠦ᠂ ᠨᠠᠮ ᠤᠨ ᠲᠥᠪ ᠬᠤᠷᠢᠶᠠᠨ ᠤ ᠠᠷᠠᠳ ᠤᠨ ᠶᠠᠪᠤᠳᠠᠯ᠂ ᠠᠵᠢᠯ ᠣᠯᠭᠤᠯᠲᠠ᠂ ᠠᠮᠢ ᠠᠬᠤᠢ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠬᠦᠷᠢᠶᠡᠨ ᠳᠠᠬᠢ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠶᠢᠨ ᠲᠥᠯᠥᠭᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠴᠢᠬᠤᠯᠠᠴᠢᠯᠠᠪᠠ᠃︾ ᠭᠡᠵᠦ ᠶᠠᠷᠢᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号