︵ᠰᠤᠷᠪᠤᠯᠵᠢᠯᠠᠭᠴᠢ ᠴᠢ ᠰᠢᠶᠣᠣ ᠶᠠᠨ︶ 5 ᠳ᠋ᠤᠭᠠᠷ ᠰᠠᠷ᠎ᠠ ᠳᠤ᠂ ᠮᠠᠨ ᠤ ᠬᠤᠲᠠ ᠪᠥᠬᠦ ᠤᠯᠤᠰ ᠤᠨ | 12315 ᠲᠠᠪᠴᠠᠩ ᠳᠤ ᠲᠦᠰᠢᠭᠯᠡᠨ ᠬᠡᠷᠡᠭᠯᠡᠭᠴᠢᠳ ᠤᠨ ᠢᠯᠡᠴᠢᠯᠡᠨ ᠵᠠᠭᠠᠯᠳᠤᠭᠰᠠᠨ ᠬᠡᠷᠡᠭ ᠢ 4432 ︵ᠢᠨᠲ᠋ᠧᠷ | ᠰᠦᠯᠵᠢᠶᠡᠨ ᠤ ᠠᠷᠭ᠎ᠠ ᠵᠠᠮ ᠢᠶᠠᠷ ᠢᠯᠡᠴᠢᠯᠡᠨ ᠵᠠᠭᠠᠯᠳᠤᠭᠰᠠᠨ ᠬᠡᠷᠡᠭ 1312 ᠪᠠᠭᠲᠠᠨ᠎ᠠ︶ ᠬᠤᠪᠢ ᠭᠥᠯᠢᠶᠡᠨ | ᠠᠪᠴᠤ ᠰᠢᠢᠳᠪᠦᠷᠢᠯᠡᠵᠡᠢ᠂ ᠡᠭᠦᠨ ᠳᠤ 3587 ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠪᠥᠬᠦ | ᠲᠣᠭᠠᠨ ᠤ 80.93% ᠶᠢ ᠡᠵᠡᠯᠡᠪᠡ︔ 845 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ ᠬᠦᠯᠢᠶᠡᠨ ᠠᠪᠴᠤ | ᠰᠢᠢᠳᠪᠦᠷᠢᠯᠡᠵᠦ᠂ ᠪᠦᠬᠦ ᠲᠣᠭᠠᠨ ᠤ 19.07% ᠶᠢ ᠡᠵᠡᠯᠡᠪᠡ᠃ 5 ᠳ᠋ᠤᠭᠠᠷ ᠰᠠᠷ᠎ᠠ ᠳᠤ ᠭᠥᠯᠢᠶᠡᠨ ᠠᠪᠴᠤ | ᠰᠢᠢᠳᠪᠦᠷᠢᠯᠡᠭᠰᠡᠨ ᠢᠯᠡᠴᠢᠯᠡᠨ ᠵᠠᠭᠠᠯᠳᠤᠭᠰᠠᠨ ᠬᠡᠷᠡᠭ ᠤᠨ ᠲᠤᠭ᠎ᠠ ᠨᠢ ᠲᠦᠷᠦᠭᠦᠸ ᠰᠠᠷ᠎ᠠ ᠶᠢᠨ ᠬᠢ ᠠᠴᠠ 16. | 99% ᠪᠠᠷ ᠪᠠᠭᠤᠷᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 868 ᠬᠤᠪᠢ ᠨᠡᠮᠡᠭᠳᠡᠨ᠂ | ᠠᠳᠠᠯᠢ ᠬᠤᠭᠤᠴᠠᠭᠠᠨ ᠤ ᠬᠢ ᠠᠴᠠ 24.35% ᠪᠠᠷ ᠨᠡᠮᠡᠭᠳᠡᠵᠡᠢ᠃ | 5 ᠳ᠋ᠤᠭᠠᠷ ᠰᠠᠷ᠎ᠠ ᠳᠤ ᠬᠡᠷᠡᠭᠯᠡᠭᠴᠢᠳ ᠤᠨ ᠵᠠᠭᠠᠯᠳᠤᠯᠭ᠎ᠠ ᠶᠢ 3587 ᠬᠤᠪᠢ ᠬᠦᠯᠢᠶᠡᠨ ᠠᠪᠴᠤ | ᠰᠢᠢᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠵᠠᠭᠠᠯᠳᠤᠯᠭ᠎ᠠ ᠶᠢᠨ ᠲᠤᠭ᠎ᠠ ᠠᠴᠠ 656 ᠬᠤᠪᠢ | ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 22.38% ᠨᠡᠮᠡᠭᠳᠡᠵᠡᠢ᠃ ᠡᠭᠦᠨ ᠳᠤ᠂ ᠲᠠᠸᠠᠷ ᠤᠨ | ᠲᠥᠷᠥᠯ ᠳᠤ ᠬᠤᠯᠪᠣᠭᠳᠠᠭᠰᠠᠨ ᠵᠠᠭᠠᠯᠳᠤᠯᠭ᠎ᠠ 1835 ᠬᠤᠪᠢ ᠪᠠᠶᠢᠵᠤ᠂ ᠵᠠᠭᠠᠯᠳᠤᠯᠭ᠎ᠠ ᠶᠢᠨ ᠪᠦᠬᠦ ᠲᠣᠭᠠᠨ ᠤ 51. | 16% ᠶᠢ ᠡᠵᠡᠯᠡᠵᠡᠢ︔ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ 1752 ᠬᠤᠪᠢ ᠪᠠᠶᠢᠵᠤ᠂ | ᠵᠠᠭᠠᠯᠳᠤᠯᠭ᠎ᠠ ᠶᠢᠨ ᠪᠦᠬᠦ ᠲᠣᠭᠠᠨ ᠤ 48.84% ᠶᠢ ᠡᠵᠡᠯᠡᠵᠡᠢ᠃ ᠬᠡᠷᠡᠭᠯᠡᠭᠴᠢᠳ ᠲᠤ ᠨᠡᠶᠢᠲᠡ 39.48 ᠲᠦᠮᠡᠨ | ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠠᠢ᠃ | |