ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/2
     5 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠮᠠᠨ ᠤ ᠰᠢᠶᠠᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠠᠯ ᠳᠤ ᠣᠷᠣᠯᠴᠠᠪᠠ᠃      ᠪᠣᠯᠪᠠᠰᠤᠷᠠᠭᠤᠯᠤᠯ ᠤᠨ ᠬᠤᠷᠠᠯ ᠠᠴᠠ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠤᠨ ᠤᠤᠯ ᠤᠨ ᠳᠠᠷᠤᠭ᠎ᠠ ᠴᠧᠨ ᠶᠦᠩ ᡁᠢ ᠶᠢ ᠤᠷᠢᠵᠤ ︽ᠬᠤᠷᠢᠨᠭᠡᠷ ᠤᠨ ᠰᠣᠶᠣᠯ ᠤᠨ ᠥᠪ ᠤᠨ ᠢᠯᠡᠳᠲᠡ ᠳᠠᠪᠠᠭᠤᠯᠢᠭ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠵᠡᠶ᠃ ᠫᠷᠣᠹᠧᠰᠰᠤᠷ ᠴᠧᠨ ᠶᠦᠩ ᡁᠢ ᠬᠤᠷᠢᠨᠭᠡᠷ ᠰᠢᠶᠠᠨ ᠤ ᠲᠤᠬᠠᠶ ᠶᠢᠨ ᠭᠠᠵᠠᠷ ᠤᠨ ᠰᠣᠶᠣᠯ ᠤᠨ ᠳᠠᠪᠠᠭᠤᠯᠢᠭ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠡᠮᠬᠢᠯᠡᠨ ᠳᠢᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠦᠢᠯᠡᠳᠦᠯᠭᠡ ᠶᠢᠨ ᠰᠥᠪᠡᠭᠴᠢᠯᠡᠯᠲᠡ᠂ ᠪᠠᠶᠠᠯᠢᠭ ᠠᠭᠤᠯᠬᠤᠨ ᠢ ᠣᠯᠠᠨ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠨ ᠥᠭᠴᠡᠶ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠵᠥᠪ ᠴᠢᠭᠯᠡᠯ ᠢ ᠢᠮᠠᠭᠲᠠ ᠪᠠᠷᠢᠮᠲᠠᠯᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠡᠶ᠎ᠡ ᠵᠣᠬᠢᠴᠠᠩᠭᠤᠢ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ︔ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠪᠠᠷ ᠢᠳᠡᠪᠬᠢᠲᠡᠢ ᠴᠢᠷᠮᠠᠶᠢᠵᠤ᠂ ᠤᠯᠠᠨ ᠲᠦᠮᠡᠨ ᠤ ᠤᠬᠠᠭᠤᠯᠭ᠎ᠠ ᠬᠥᠮᠦᠵᠢᠯ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠡᠢ︔ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠨᠠᠨᠳᠢᠩᠨᠠᠨ ᠰᠠᠶᠢᠲᠤᠷ ᠬᠠᠮᠠᠭᠠᠯᠠᠬᠤ ᠬᠡᠷᠡᠭᠲᠡᠢ︔ ᠦᠨᠳᠦᠰᠦᠲᠡᠨ ᠤ ᠠᠵᠢᠯ ᠤᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠶ ᠪᠠᠷ ᠰᠡᠷᠭᠡᠶᠢᠯᠡᠵᠦ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠵᠣᠣ ᠵᠢᠶᠦ᠋ᠨ ᠮᠦᠽᠧᠶ ᠳᠤ ᠬᠦᠷᠴᠦ᠂ ︽ᠵᠣᠣ ᠵᠢᠶᠦ᠋ᠨ ᠪᠣᠭᠤᠮᠲᠠ ᠠᠴᠠ ᠭᠠᠷᠤᠭᠰᠠᠨ ᠨᠢ︾᠂ ︽ᠾᠦᠩᠨᠦ ᠬᠢᠭᠡᠳ ᠵᠦᠩᠶᠤᠸᠠᠨ ᠣᠷᠣᠨ︾ ᠵᠡᠷᠭᠡ ᠦᠵᠡᠭᠦᠯᠭᠡ ᠶᠢᠨ ᠦᠵᠡᠰᠬᠦᠯᠡᠩ ᠢ ᠲᠣᠭᠤᠷᠢᠨ ᠦᠵᠡᠪᠡ᠃ ᠲᠣᠭᠤᠷᠢᠨ ᠦᠵᠡᠬᠦ ᠪᠠᠷ ᠳᠠᠮᠵᠢᠭᠤᠯᠤᠨ᠂ ︽ᠵᠣᠣ ᠵᠢᠶᠦ᠋ᠨ ᠪᠣᠭᠤᠮᠲᠠ ᠠᠴᠠ ᠭᠠᠷᠤᠭᠰᠠᠨ ᠨᠢ︾ ᠲᠡᠦᠬᠡᠨ ᠳᠠᠭᠤᠷᠢᠰᠬᠠᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠣᠶᠢᠯᠠᠭᠠᠪᠠ᠃      ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠪᠢᠰᠢ ᠪᠦᠬᠦ ᠰᠢᠶᠠᠨ ᠤ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠤᠯᠭ᠎ᠠ᠂ ᠰᠢᠶᠠᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠠᠷᠠᠳ ᠤᠨ ᠪᠦᠯᠬᠦᠮ᠂ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠵᠡᠭᠡᠯᠢ ᠭᠤᠳᠤᠮᠵᠢ ᠶᠢᠨ ᠪᠡᠯᠡᠳᠬᠡᠯ ᠤᠨ ᠭᠠᠵᠠᠷ ᠤᠨ ᠭᠤᠣᠯ ᠬᠠᠷᠢᠭᠤᠴᠠᠯᠭᠠᠲᠠᠨ ᠵᠢᠴᠢ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠬᠠᠮᠢᠶ᠎ᠠ ᠪᠦᠬᠦᠢ ᠺᠠᠳ᠋ᠷ ᠬᠤᠷᠠᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号