ᠦᠰᠦᠭ ᠪᠢᠴᠢᠭ ᠤᠨ ᠲᠠᠶᠢᠯᠦᠮᠵᠢ᠄ ︽ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/6/20
     ᠲᠦᠷᠦᠭᠦᠬᠡᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ︵ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ︹2023︺ 16 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄      ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2020 ᠣᠨ ᠳᠤ ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠪᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2021 ᠣᠨ ᠳᠤ ︽ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ ᠶᠡᠷᠦᠩᠬᠡᠢ ᠬᠠᠷᠠᠯᠲᠠ ᠶᠢ ᠲᠣᠳᠣᠷᠬᠠᠶᠢᠯᠠᠪᠠ᠃ ᠣᠶᠢᠷ᠎ᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ ᠣᠨᠣᠯᠵᠢᠬᠤᠨ ᠢ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠬᠤ ᠶᠢᠨ ᠲᠤᠰᠠᠳᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠮᠡᠳᠡᠭᠳᠡᠯ︾ ᠨᠡᠶᠢᠲᠡᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠠᠩᠬᠠᠳᠠᠭᠴᠢ ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠷᠳᠠᠮ ᠢ ᠳᠥᠭᠦᠮᠴᠢᠯᠡᠬᠦ᠂ ᠮᠠᠲ᠋ᠧᠷᠢᠶᠠᠯ ᠢ ᠴᠣᠮᠬᠠᠳᠬᠠᠬᠤ᠂ ᠴᠠᠭ ᠤᠨ ᠬᠢᠵᠠᠭᠠᠷ ᠢ ᠪᠣᠳᠣᠨᠢᠰᠬᠠᠬᠤ ᠪᠠ ᠦᠢᠯᠡᠴᠢᠯᠡᠭᠡᠨ ᠤ ᠵᠠᠭᠪᠤᠷ ᠢ ᠰᠢᠨᠡᠴᠢᠯᠡᠵᠦ᠂ ᠤᠯᠠᠨ ᠲᠦᠮᠡᠨ ᠳᠤ ᠨᠡᠩ ᠳᠥᠭᠦᠮ ᠳᠥᠲᠡ᠂ ᠨᠡᠩ ᠴᠢᠨᠠᠷ ᠰᠠᠶᠢᠲᠠᠢ᠂ ᠨᠡᠩ ᠥᠨᠳᠥᠷ ᠪᠦᠲᠦᠮᠵᠢᠲᠡᠢ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠵᠦ ᠪᠠᠶᠢᠨ᠎ᠠ      ᠬᠤᠶᠠᠷ᠂ ︽ᠮᠡᠳᠡᠭᠳᠡᠯ︾ ᠤᠨ ᠭᠤᠣᠯ ᠪᠣᠳᠣᠯᠬᠢᠯᠠᠯ      ︽ᠮᠡᠳᠡᠭᠳᠡᠯ︾ ᠳᠤ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠶᠢᠭ᠎ᠠ ᠪᠣᠳᠠᠲᠠᠢ ᠠᠰᠠᠭᠤᠳᠠᠯ ᠪᠠ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠣᠣᠷᠠᠬᠢ ᠲᠠᠪᠤᠨ ᠲᠠᠯ᠎ᠠ ᠠᠴᠠ ᠪᠣᠳᠣᠯᠬᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠣᠳᠣᠬᠠᠨ ᠤ ᠲᠦᠭᠵᠢᠷᠡᠯ ᠤᠨ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠨᠢᠭᠡ ᠳᠤ᠂ ᠭᠤᠭᠴᠤᠭ᠎ᠠ ᠶᠢ ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢ ᠰᠢᠯᠵᠢᠭᠦᠯᠵᠦ ᠦᠷᠭᠦᠯᠵᠢᠯᠡᠭᠦᠯᠬᠦ ᠠᠵᠢᠯ ᠢ ᠲᠦᠷᠭᠡᠳᠬᠡᠪᠡ᠃ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠰᠢᠯᠵᠢᠭᠦᠯᠵᠦ ᠦᠷᠭᠦᠯᠵᠢᠯᠡᠭᠦᠯᠬᠦ ᠭᠠᠷᠳᠠᠮ ᠢ ᠭᠦᠢᠴᠡᠳᠬᠡᠬᠦ ᠨᠢ ᠤᠳᠠᠭᠠᠨ ᠪᠠᠶᠢᠬᠤ ᠠᠰᠠᠭᠤᠳᠠᠯ ᠳᠤ ᠴᠢᠭᠯᠡᠭᠦᠯᠦᠨ᠂ ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠰᠢᠯᠵᠢᠭᠦᠯᠦᠨ ᠭᠠᠷᠭᠠᠬᠤ ᠭᠠᠵᠠᠷ ᠠᠴᠠ ︽ᠳᠠᠭᠠᠳᠬᠠᠯ ᠳᠤ ᠣᠷᠣᠯᠴᠠᠭᠰᠠᠨ ᠭᠡᠷᠡᠴᠢ︾ ᠭᠠᠷᠭᠠᠬᠤ ᠪᠠ ᠰᠢᠯᠵᠢᠭᠦᠯᠦᠨ ᠣᠷᠣᠭᠤᠯᠬᠤ ᠭᠠᠵᠠᠷ ᠠᠴᠠ ︽ᠬᠠᠷᠢᠯᠴᠠᠬᠤ ᠵᠠᠬᠢᠳᠠᠯ︾ ᠭᠠᠷᠭᠠᠬᠤ ᠡᠨᠡ ᠬᠤᠶᠠᠷ ᠭᠦᠢᠴᠡᠳᠬᠡᠬᠦ ᠭᠤᠭᠴᠤᠭ᠎ᠠ ᠶᠢ ᠬᠦᠴᠦᠨ ᠦᠭᠡᠢ ᠪᠣᠯᠭᠠᠵᠤ᠂ ᠤᠤᠯ ᠤᠨ 45 ᠠᠵᠢᠯ ᠤᠨ ᠡᠳᠦᠷ ᠢ 15 ᠠᠵᠢᠯ ᠤᠨ ᠡᠳᠦᠷ ᠪᠣᠯᠭᠠᠨ ᠪᠣᠭᠤᠨᠢᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡ ᠶᠢ ᠨᠠᠪᠲᠠᠷᠡᠭᠦᠯᠵᠦ᠂ ᠣᠯᠠᠨ ᠲᠦᠮᠡᠨ ᠤ ᠰᠦᠯᠵᠢᠶᠡᠨ ᠳᠡᠭᠡᠷ᠎ᠡ ᠭᠤᠶᠤᠴᠢᠯᠠᠬᠤ ᠪᠠ ᠭᠦᠢᠴᠡᠳᠬᠡᠬᠦ ᠠᠬᠢᠴᠠ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠪᠡ᠃ ᠬᠤᠶᠠᠷ ᠲᠤ᠂ ᠴᠤᠪᠤᠷᠠᠯ ᠢ ᠰᠢᠯᠢᠳᠡᠭᠵᠢᠭᠦᠯᠵᠦ᠂ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠳᠤ ᠲᠥᠬᠦᠮ ᠦᠵᠡᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ APP᠂ ᠤᠯᠤᠰ ᠤᠨ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠵᠢᠵᠢᠭ ᠫᠷᠣᠭ᠍ᠷᠡᠮ ᠳᠤ ᠲᠦᠰᠢᠭᠯᠡᠨ᠂ ᠳᠠᠭᠠᠳᠬᠠᠯ ᠳᠤ ᠣᠷᠣᠯᠴᠠᠭᠰᠠᠳ ᠤᠨ ᠰᠦᠯᠵᠢᠶᠡᠨ ᠳᠡᠭᠡᠷ᠎ᠡ ᠣᠨᠳᠣᠣ ᠭᠠᠵᠠᠷ ᠲᠤ ᠳᠠᠩᠰᠠᠯᠠᠭᠤᠯᠬᠤ ᠶᠢ ᠭᠦᠢᠴᠡᠳᠬᠡᠬᠦ ᠳᠤ ᠲᠥᠬᠦᠮ ᠦᠵᠡᠭᠦᠯᠪᠡ︔ ᠨᠥᠬᠦᠨ ᠭᠦᠢᠴᠡᠳᠬᠡᠵᠦ ᠳᠠᠩᠰᠠᠯᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠣᠨᠳᠣᠣ ᠭᠠᠵᠠᠷ ᠲᠤ ᠡᠮᠴᠢᠯᠡᠭᠦᠯᠬᠦ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠬᠡᠪ ᠤᠨ ᠶᠣᠰᠣᠭᠠᠷ ᠭᠥᠷᠳᠡᠬᠦ ᠶᠢ ᠪᠠᠲᠤᠯᠠᠪᠠ︔ ᠳᠠᠩᠰᠠᠯᠠᠭᠤᠯᠬᠤ ᠬᠡᠪᠴᠢᠶ᠎ᠡ ᠶᠢ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠶᠢᠨ 5 ᠵᠦᠢᠯ ᠤᠨ ᠤᠳᠠᠭᠠᠨ ᠴᠢᠨᠠᠷᠲᠠᠢ ᠣᠨᠴᠠ ᠡᠪᠡᠳᠴᠢᠲᠡᠨ ᠬᠦᠷᠲᠡᠯ᠎ᠡ ᠥᠷᠭᠡᠳᠬᠡᠪᠡ︔ ᠣᠨᠳᠣᠣ ᠭᠠᠵᠠᠷ ᠲᠤ ᠦᠯᠦ ᠳᠠᠩᠰᠠᠯᠠᠭᠤᠯᠤᠭᠰᠠᠨ ᠲᠦᠷᠭᠡᠨ ᠡᠮᠨᠡᠯᠭᠡ ᠳᠤ ᠪᠠᠴᠢᠮ ᠠᠪᠤᠷᠠᠬᠤ ᠳᠠᠭᠠᠳᠬᠠᠯ ᠳᠤ ᠣᠷᠣᠯᠴᠠᠭᠰᠠᠳ ᠢ ᠳᠠᠩᠰᠠᠯᠠᠭᠤᠯᠤᠭᠰᠠᠨ ᠡᠪᠡᠳᠴᠢᠲᠡᠨ ᠲᠠᠢ ᠠᠳᠠᠯᠢ ᠪᠠᠷ ᠦᠵᠡᠵᠦ ᠪᠣᠯᠣᠨ᠎ᠠ︔ ᠣᠷᠳᠣ ᠬᠤᠭᠤᠴᠠᠭ᠎ᠠ ᠪᠠᠷ ᠮᠤᠵᠢ ᠠᠯᠰᠤᠯᠠᠨ ᠰᠠᠭᠤᠷᠢᠰᠢᠭᠴᠢ ᠶᠢᠨ ᠳᠠᠩᠰᠠᠯᠠᠭᠤᠯᠤᠭᠰᠠᠨ ᠭᠠᠵᠠᠷ ᠪᠠ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠬᠤᠣᠰ ᠴᠢᠭᠯᠡᠯ ᠢᠶᠠᠷ ᠬᠠᠷᠠᠭᠠᠯᠵᠠᠯ ᠭᠥᠷᠳᠡᠬᠦ ᠶᠢ ᠵᠥᠪᠰᠢᠶᠡᠷᠡᠨ᠎ᠡ᠃ ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠪᠠᠨ ᠯᠠᠪᠯᠠᠬᠤ ᠳᠤ ᠳᠥᠭᠦᠮ ᠦᠵᠡᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ APP᠂ ᠰᠦᠯᠵᠢᠶᠡᠨ ᠤ ᠲᠠᠩᠬᠢᠮ ᠪᠤᠶᠤ ᠣᠷᠣᠨ ᠨᠤᠲᠤᠭ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠵᠡᠷᠭᠡ ᠣᠯᠠᠨ ᠵᠦᠢᠯ ᠤᠨ ᠯᠠᠪᠯᠠᠬᠤ ᠠᠷᠭ᠎ᠠ ᠵᠠᠮ ᠢ ᠨᠡᠭᠡᠭᠡᠵᠦ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠢᠩᠬᠢᠮ ᠪᠠ ᠨᠥᠬᠦᠴᠡᠯ ᠲᠠᠢ ᠪᠠᠩᠬᠢ ᠶᠢᠨ ᠡᠵᠡᠩᠨᠡᠯᠲᠡ ᠶᠢᠨ ᠲᠣᠣᠷ ᠴᠡᠭ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠵᠡᠷᠭᠡ ᠲᠠᠯᠠᠪᠤᠷ ᠭᠠᠵᠠᠷ ᠲᠤ ᠡᠮᠴᠢᠯᠡᠭᠡᠨ ᠤ ᠳᠠᠭᠠᠳᠬᠠᠯ ᠤᠨ ᠥᠪᠡᠰᠦᠪᠡᠨ ᠦᠢᠯᠡᠴᠢᠯᠡᠬᠦ ᠲᠣᠭᠤᠷᠢᠭ ᠭᠠᠷᠭᠠᠵᠤ᠂ ᠣᠯᠠᠨ ᠲᠦᠮᠡᠨ ᠤ ᠥᠪᠡᠷ ᠤᠨ ᠰᠦᠢᠳᠬᠡᠯ ᠲᠤᠰᠢᠶᠠᠭᠰᠠᠨ ᠲᠡᠮᠳᠡᠭᠯᠡᠯ᠂ ᠡᠮᠴᠢᠯᠡᠭᠡᠨ ᠤ ᠳᠠᠭᠠᠳᠬᠠᠯ ᠤᠨ ᠲᠠᠩᠰᠠᠨ ᠡᠷᠦᠬᠡ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠪᠡ᠃ ᠳᠥᠷᠪᠡ ᠳᠤ᠂ ᠨᠢᠭᠡ ᠯᠡ ᠥᠷᠲᠡᠭᠡᠨ ᠳᠤ ᠭᠦᠢᠴᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ᠨᠢᠭᠡ ᠯᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠪᠡ᠃ ᠤᠯᠠᠮᠵᠢᠯᠠᠯᠲᠤ ᠦᠢᠯᠡᠴᠢᠯᠡᠭᠡᠨ ᠤ ᠴᠣᠩᠬᠤᠪᠴᠢ ᠶᠢᠨ ᠡᠭᠦᠷᠭᠡ ᠴᠢᠳᠠᠪᠬᠢ ᠨᠢ ᠲᠠᠩ ᠴᠤᠯᠭᠤᠢ᠂ ᠤᠯᠠᠷᠢᠯ ᠤᠨ ᠴᠢᠨᠠᠷᠲᠠᠢ ᠠᠵᠢᠯ ᠶᠠᠪᠤᠳᠠᠯ ᠭᠦᠢᠴᠡᠳᠬᠡᠬᠦ ᠳᠤ ᠰᠢᠬᠠᠯᠳᠤᠬᠤ᠂ ᠣᠯᠠᠨ ᠲᠦᠮᠡᠨ ᠣᠯᠠᠨ ᠭᠠᠵᠠᠷ ᠲᠤ ᠭᠦᠶᠦᠬᠦ ᠵᠡᠷᠭᠡ ᠳᠤᠲᠠᠭᠳᠠᠯ ᠲᠠᠢ ᠲᠠᠯ᠎ᠠ ᠳᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠶᠢᠨ ︽ᠶᠡᠷᠦᠩᠬᠡᠶᠢᠯᠡᠭᠰᠡᠨ ᠦᠢᠯᠡᠴᠢᠯᠡᠭᠡᠨ ᠤ ᠳᠦᠷᠢᠮ︾ ᠢ ᠠᠬᠢᠭᠤᠯᠵᠤ᠂ ᠴᠣᠩᠬᠤᠪᠴᠢ ᠳᠤ ᠳᠠᠭᠠᠳᠬᠠᠯ ᠤᠨ ᠲᠥᠷᠥᠯ ᠵᠦᠢᠯ ᠢᠯᠭᠠᠬᠤ ᠦᠭᠡᠢ᠂ ᠤᠴᠢᠷ ᠶᠠᠪᠤᠳᠠᠯ ᠢᠯᠭᠠᠬᠤ ᠦᠭᠡᠢ᠂ ᠨᠢᠭᠡ ᠴᠣᠩᠬᠤᠪᠴᠢ ᠪᠠᠷ ᠰᠢᠢᠳᠪᠦᠷᠢᠯᠡᠬᠦ᠂ ᠨᠢᠭᠡ ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ ᠶᠢ ᠭᠦᠢᠴᠡᠳᠬᠡᠵᠦ᠂ ᠠᠷᠤ ᠲᠠᠪᠴᠠᠩ ᠳᠤ ᠬᠤᠪᠢᠶᠠᠨ ᠭᠦᠢᠴᠡᠳᠬᠡᠵᠦ ᠬᠤᠯᠪᠤᠭᠠᠯᠠᠨ ᠭᠦᠢᠴᠡᠳᠬᠡᠵᠦ ᠲᠦᠷᠭᠡᠨ ᠭᠦᠢᠴᠡᠳᠬᠡᠬᠦ ᠶᠢ ᠠᠬᠢᠭᠤᠯᠪᠠ᠃ ᠲᠠᠪᠤ ᠳᠤ᠂ ᠭᠦᠶᠦᠯᠭᠡᠬᠦ ᠶᠢ ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠠᠬᠢᠭᠤᠯᠪᠠ᠃ ᠭᠠᠷᠲᠠᠨ ᠭᠦᠢᠴᠡᠳᠬᠡᠬᠦ ᠶᠢ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ ︽ᠬᠤᠪᠢ ᠬᠥᠮᠥᠨ ᠤ ᠰᠦᠯᠵᠢᠶᠡᠨ ᠲᠠᠩᠬᠢᠮ︾ ︽ᠨᠢᠭᠡᠴᠢ ᠶᠢᠨ ᠰᠦᠯᠵᠢᠶᠡᠨ ᠲᠢᠩᠬᠢᠮ︾ ᠳᠤ ᠲᠦᠰᠢᠭᠯᠡᠨ᠂ ᠳᠠᠭᠠᠳᠬᠠᠯ ᠳᠤ ᠣᠷᠣᠯᠴᠠᠭᠰᠠᠨ ᠢ ᠯᠠᠪᠯᠠᠬᠤ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠬᠤ ᠵᠡᠷᠭᠡ ᠥᠨᠳᠥᠷ ᠳᠠᠪᠲᠠᠮᠵᠢᠲᠤ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠵᠦ᠂ ︽ᠣᠯᠠᠨ ᠲᠦᠮᠡᠨ ᠢ ᠭᠦᠶᠦᠯᠭᠡᠬᠦ︾ ᠠᠴᠠ ︽ᠲᠤᠭ᠎ᠠ ᠪᠠᠷᠢᠮᠲᠠ ᠶᠢ ᠭᠦᠶᠦᠯᠭᠡᠬᠦ︾ ᠪᠣᠯᠭᠠᠨ ᠬᠤᠪᠢᠷᠠᠭᠤᠯᠪᠠ᠃ ᠳ᠋ᠠᠶᠢᠲ᠋ᠠ ᠳᠤ ᠬᠦᠴᠦᠨ ᠣᠯᠭᠤᠬᠤ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠪᠠᠷᠢᠮᠲᠠ ᠶᠢ ᠪᠥᠬᠦ ᠴᠤᠪᠤᠷᠠᠯ ᠳᠤ ᠬᠡᠷᠡᠭᠯᠡᠬᠦ ᠶᠢ ᠠᠬᠢᠭᠤᠯᠤᠨ᠂ ᠣᠯᠠᠨ ᠲᠦᠮᠡᠨ ᠤ ︽ᠺᠣᠳ᠋︾ ᠢᠶᠠᠷ ᠡᠪᠡᠳᠴᠢᠨ ᠦᠵᠡᠭᠦᠯᠵᠦ ᠡᠮ ᠵᠠᠯᠠᠬᠤ ᠳᠤ ᠲᠥᠬᠦᠮ ᠦᠵᠡᠭᠦᠯᠪᠡ᠃      ᠭᠤᠷᠪᠠ᠂ ︽ᠮᠡᠳᠡᠭᠳᠡᠯ︾ ᠢ ᠰᠠᠶᠢᠲᠤᠷ ᠨᠠᠶᠢᠳᠠᠪᠤᠷᠢᠵᠢᠭᠤᠯᠤᠨ᠎ᠠ      ᠲᠠᠷᠠᠭᠠᠴᠢ ᠶᠢᠨ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠨᠢᠭᠡ ᠳᠤ᠂ ᠬᠢᠨᠠᠮᠠᠭᠠᠢ ᠮᠥᠷᠳᠡᠵᠦ᠂ ᠶᠡᠷᠦᠩᠬᠡᠶᠢᠯᠡᠨ ᠬᠦᠴᠦᠯᠡᠵᠦ᠂ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ 2023 ᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠢᠷᠤᠮᠵᠢᠭᠰᠠᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠦᠨᠡᠯᠡᠨ ᠵᠢᠱᠢᠬᠦ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠠᠩᠬᠠᠳᠠᠭᠴᠢ ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠡᠯ᠎ᠡ ᠭᠠᠵᠠᠷ ᠲᠤ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠯ᠎ᠡ ᠭᠠᠵᠠᠷ ᠠᠴᠠ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠡᠶᠢᠲᠡᠯᠢᠭ ᠠᠷᠭ᠎ᠠ ᠬᠢᠳᠡᠯ ᠪᠠ ᠲᠤᠷᠰᠢᠯᠭ᠎ᠠ ᠶᠢ ᠴᠤᠭᠯᠠᠭᠤᠯᠵᠤ᠂ ᠡᠯ᠎ᠡ ᠭᠠᠵᠠᠷ ᠤᠨ ᠣᠨᠴᠠᠯᠢᠭᠲᠤ ᠠᠷᠭ᠎ᠠ ᠬᠢᠳᠡᠯ᠂ ᠲᠤᠷᠰᠢᠯᠭ᠎ᠠ ᠦᠷ᠎ᠡ ᠪᠦᠲᠦᠮᠵᠢ ᠶᠢ ᠳ᠋ᠦᠩᠨᠡᠵᠦ᠂ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠦᠨ᠎ᠡ᠃ ᠭᠤᠷᠪᠠ ᠳᠤ᠂ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠪᠠ ᠰᠦᠯᠵᠢᠶᠡᠨ ᠤ ᠢᠷᠭᠡᠳ ᠤᠨ ᠰᠠᠨᠠᠭᠤᠯᠭ᠎ᠠ ᠶᠢ ᠦᠨᠳᠦᠰᠦᠯᠡᠨ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠢᠴᠢᠯ ᠥᠭᠡᠷᠡᠴᠢᠯᠡᠯᠲᠡ ᠪᠢᠴᠢᠯ ᠰᠢᠨᠡᠴᠢᠯᠡᠯᠲᠡ ᠬᠢᠬᠦ‍ ᠨᠢᠭᠡ ᠪᠦᠯᠦᠭ ᠲᠤᠷᠰᠢᠯᠲᠠ ᠶᠢ ᠥᠷᠨᠢᠭᠦᠯᠵᠦ᠂ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号