ᠬᠤᠷᠢᠨᠭᠡᠷ ᠰᠢᠶᠠᠨ ᠤ ᠱᠠᠪᠠᠭ᠋ᠠᠢ ᠰᠢᠶᠠᠩ ︽ᠪᠢᠳᠡᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠭᠡᠬᠦ ᠭᠤᠣᠯ ᠰᠡᠳᠦᠪ ᠢᠶᠠᠷ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2023/6/25
     ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ 6 ᠰᠠᠷ᠎ᠠ ᠶᠢᠨ 21 ᠤ ᠡᠳᠦᠷ᠂ ᠱᠠᠪᠠᠭ᠋ᠠᠢ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠬᠢᠨ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠤᠯᠪᠤᠭᠠᠯᠠᠨ ᠲᠦᠩ ᠴᠠᠩ ᠶᠢᠩ ᠲᠣᠰᠬᠤᠨ ᠳᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠭᠲᠤᠵᠤ ᠡᠷᠡᠭᠦᠯ ᠮᠡᠨᠳᠦ ᠶᠢ ᠬᠦᠷᠭᠡᠬᠦ︾ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠠᠯᠪᠠᠨ ᠵᠢᠷᠤᠮ ᠤᠨ ᠡᠮᠴᠢᠯᠡᠭᠡ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃  
           ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭᠵᠢᠭᠦᠯᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ︽ᠪᠢᠳᠡᠨ ᠤ ᠪᠠᠶᠠᠷ ᠤᠨ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠭᠡᠬᠦ ᠭᠤᠣᠯ ᠰᠡᠳᠦᠪ ᠢ ᠲᠤᠪᠤᠶᠢᠯᠭᠠᠪᠠ᠃ ᠠᠵᠢᠯᠯᠠᠭ᠎ᠠ ᠶᠢᠨ ᠳᠤᠮᠳᠠ᠂ ᠨᠢᠭᠡ ᠪᠦᠯᠦᠭ ᠬᠥᠮᠦᠰ ᠳᠡᠪᠲᠦᠭᠰᠡᠨ ᠠᠮᠤ ᠪᠤᠳᠠᠭ᠎ᠠ ᠪᠣᠯᠤᠨ ᠽᠦᠩᠽᠢ ᠶᠢᠨ ᠨᠠᠪᠴᠢ ᠪᠠᠨ ᠠᠪᠴᠤ ᠲᠦᠩ ᠴᠠᠩ ᠶᠢᠩ ᠲᠣᠰᠬᠤᠨ ᠤ ᠥᠨᠥᠴᠢᠨ ᠪᠡᠯᠪᠡᠰᠦᠨ ᠨᠠᠰᠤᠲᠠᠨ ᠤ ᠬᠡᠷ ᠲᠤ ᠬᠦᠷᠴᠦ᠂ ᠲᠡᠳᠡᠨ ᠲᠠᠢ ᠬᠠᠮᠲᠤ ᠽᠦᠩᠽᠢ ᠪᠣᠭᠤᠵᠤ᠂ ᠵᠣᠭᠤᠭ ᠳᠡᠯᠭᠡᠵᠦ᠂ ᠠᠮᠢᠳᠤᠷᠠᠯ ᠤᠨ ᠳᠤᠮᠳᠠᠬᠢ ᠬᠦᠴᠢᠷᠳᠡᠯ ᠢ ᠨᠢ ᠠᠰᠠᠭᠤᠨ ᠯᠠᠪᠯᠠᠵᠤ᠂ ᠬᠠᠯᠠᠭᠤᠨ ᠳᠤᠯᠠᠭᠠᠨ ᠢ ᠨᠢ ᠠᠰᠠᠭᠤᠵᠤ᠂ ᠠᠷᠠᠳ ᠣᠯᠠᠨ ᠤ ᠬᠡᠷᠡᠭᠴᠡᠭᠡ ᠶᠢ ᠦᠨᠡᠨ ᠬᠦ ᠰᠡᠳᠬᠢᠯ ᠳᠡᠭᠡᠨ ᠪᠤᠳᠤᠵᠠᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠳ᠋ᠧᠩ ᠡᠵᠢ ᠰᠡᠳᠬᠢᠯ ᠬᠥᠳᠡᠯᠦᠨ ᠢᠯᠡᠷᠬᠡᠶᠢᠯᠡᠬᠦ ᠳᠡᠭᠡᠨ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠠᠴᠠ ᠪᠣᠯᠵᠣ᠂ ᠪᠢᠳᠡᠨ ᠤ ᠰᠡᠳᠬᠢᠯ ᠳᠤ ᠬᠠᠯᠠᠭᠤᠨ ᠳᠤᠯᠠᠭᠠᠨ ᠪᠠᠶᠢᠵᠤ᠂ ᠢᠷᠡᠭᠡᠳᠦᠶ ᠶᠢᠨ ᠠᠮᠢᠳᠤᠷᠠᠯ ᠳᠠᠭᠠᠨ ᠬᠦᠰᠡᠯ ᠡᠷᠡᠮᠡᠯᠵᠡᠯ ᠳᠦᠭᠦᠷᠡᠩ ᠪᠠᠶᠢᠨ᠎ᠠ ᠭᠡᠵᠡᠶ᠃
     ᠡᠨᠡ ᠤᠳᠠᠭ᠎ᠠ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠠᠯᠪᠠᠨ ᠵᠢᠷᠤᠮ ᠤᠨ ᠡᠮᠴᠢᠯᠡᠭᠡ ᠬᠢᠬᠦ᠂ ᠽᠦᠩᠽᠢ ᠪᠣᠭᠤᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠨᠠᠮ ᠪᠣᠯᠤᠨ ᠠᠷᠠᠳ ᠣᠯᠠᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠤᠭᠰᠠᠨ ᠢᠶᠠᠷ ᠪᠠᠷᠠᠬᠤ ᠦᠭᠡᠶ᠂ ᠨᠡᠩ ᠴᠤ ᠪᠠᠶᠠᠷ ᠤᠨ ᠡᠳᠦᠷ ᠤᠨ ᠤᠯᠠᠮᠵᠢᠯᠠᠯᠲᠤ ᠵᠠᠩ ᠦᠢᠯᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠤᠬᠠᠭᠤᠯᠵᠤ᠂ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠵᠤ᠂ ᠲᠣᠰᠬᠤᠨ ᠤ ᠠᠷᠠᠳ ᠲᠤ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠨᠡᠩ ᠴᠤ ᠪᠠᠭᠤᠷᠠᠶᠢᠴᠤᠳ ᠢ ᠬᠠᠶᠢᠷᠠᠯᠠᠨ ᠬᠠᠯᠠᠮᠵᠢᠯᠠᠬᠤ ᠰᠠᠶᠢᠨ ᠰᠠᠶᠢᠬᠠᠨ ᠰᠤᠷᠲᠠᠯ ᠢ ᠤᠯᠠᠮᠵᠢᠯᠠᠵᠤ᠂ ᠠᠷᠠᠳ ᠤᠯᠠᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠢᠯᠡᠳᠦᠯᠭᠡ ᠶᠢᠨ ᠳᠤᠮᠳᠠ ᠣᠶᠢᠯᠠᠭᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠡᠶ᠎ᠡ ᠵᠣᠬᠢᠴᠠᠩᠭᠤᠢ ᠱᠠᠪᠠᠭ᠋ᠠᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠣᠯᠣᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号