ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠳᠠᠭᠠᠭᠠᠴᠢᠯᠠᠨ ᠲᠳᠬᠦᠵᠦ ᠪᠠᠶᠢᠭ᠎ᠠ ᠲᠣᠰᠬᠤᠨ ᠳᠤ ︽ᠡᠷᠳᠡᠨᠢ ᠪᠠᠨ ᠤᠯᠠᠮᠵᠢᠯᠠᠪᠠ︾
ᠨᠡᠶᠢᠲᠡᠯᠡᠭᠰᠡᠨ ᠴᠠᠭ᠄
2023/6/25
     ᠱᠧᠩ ᠯᠧ ᠪᠠᠯᠭᠠᠰᠤᠨ ᠤ ᠭᠦᠸᠧ ᠵᠢᠶᠠ ᠶᠢᠩ ᠲᠣᠰᠬᠤᠨ ᠪᠣᠯ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠳᠠᠭᠠᠭᠠᠴᠢᠯᠠᠨ ᠲᠡᠳᠬᠦᠬᠦ ᠲᠣᠰᠬᠤᠨ ᠪᠣᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠡᠭᠦᠷᠭᠡ ᠶᠢ ᠬᠥᠮᠦᠨ ᠪᠣᠯᠭᠠᠨ ᠮᠡᠳᠡᠵᠦ ᠪᠠᠶᠢᠬᠤ ᠶᠢ ᠠᠬᠢᠭᠤᠯᠵᠤ᠂ ᠲᠣᠰᠬᠤᠨ ᠤ ᠠᠷᠠᠳ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠭᠦᠢᠴᠡᠳ ᠳᠠᠶᠢᠴᠢᠯᠠᠬᠤ ᠶᠢᠨ ᠲᠤᠰᠠᠳᠠ᠂ 6 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠡᠳᠦᠷ ᠲᠣᠰᠬᠤᠨ ᠳᠠᠭᠠᠨ ᠪᠤᠴᠠᠬᠤ ᠬᠥᠮᠦᠰ ᠤᠨ ᠣᠯᠠᠰᠢᠷᠠᠭᠰᠠᠨ ᠠᠰᠢᠭᠲᠠᠢ ᠲᠣᠬᠢᠶᠠᠯ ᠢ ᠠᠮᠵᠢᠵᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠢ ᠵᠣᠬᠢᠶᠠᠨ ᠪᠠᠶᠢᠭᠤᠯᠤᠨ ᠭᠦᠸᠧ ᠵᠢᠶᠠ ᠶᠢᠩ ᠲᠣᠰᠬᠤᠨ ᠳᠤ ᠭᠦᠨᠵᠡᠭᠡᠶᠢᠷᠡᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠪᠠ᠃
     ᠤᠬᠠᠭᠤᠯᠤᠨ ᠲᠠᠶᠢᠯᠪᠤᠷᠢᠯᠠᠬᠤ ᠳᠠᠭᠠᠨ ᠬᠥᠳᠡᠭᠡ ᠲᠣᠰᠬᠤᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠠᠵᠢᠯ ᠤᠨ ᠪᠣᠳᠠᠲᠤ ᠪᠠᠶᠢᠳᠠᠯ ᠲᠠᠢ ᠭᠦᠢᠴᠡᠳ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠶᠠᠭᠤᠨ ᠳᠤ ᠲᠦᠢᠯ ᠤᠨ ᠴᠢᠬᠤᠯᠠ ᠪᠠᠶᠢᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠤ ᠭᠤᠣᠯᠳᠠᠭᠤ ᠶᠠᠭᠤ ᠶᠠᠭᠤ ᠪᠠᠶᠢᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠢᠳᠡ ᠬᠡᠷᠬᠢᠨ ᠬᠢᠬᠦ ᠴᠢᠬᠤᠯᠠᠲᠠᠢ ᠪᠠᠶᠢᠬᠤ ᠵᠡᠷᠭᠡ ᠭᠤᠷᠪᠠᠨ ᠲᠠᠯ᠎ᠠ ᠠᠴᠠ ᠰᠢᠰᠲ᠋ᠧᠮ ᠲᠠᠢ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠬᠡᠷᠬᠢᠨ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠶ ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰᠬᠤᠨ ᠤ ᠠᠷᠠᠳ ᠲᠠᠢ ᠰᠠᠨᠠᠯ ᠢᠶᠠᠨ ᠰᠣᠯᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠠᠷᠭ᠎ᠠ ᠵᠠᠮ ᠢ ᠳᠤᠷᠠᠳᠴᠤ᠂ ᠥᠷᠭᠡᠨ ᠤᠯᠠᠨ ᠲᠣᠰᠬᠤᠨ ᠤ ᠠᠷᠠᠳ ᠢ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠦᠳᠦᠯᠦᠨ ᠳᠠᠭᠠᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠶᠡᠭᠡ ᠵᠠᠮ ᠳᠡᠭᠡᠷ᠎ᠡ ᠭᠦᠸᠧ ᠵᠢᠶᠠ ᠶᠢᠩ ᠲᠣᠰᠬᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠳᠦᠯᠦᠨ ᠵᠢᠯᠣᠭᠤᠳᠪᠠ᠃      ᠲᠣᠰᠬᠤᠨ ᠤ ᠠᠷᠠᠳ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠲᠠᠷᠠᠭ᠎ᠠ᠂ ᠥᠨᠥᠳᠦᠷ ᠨᠠᠮ ᠤᠨ ᠲᠥᠪ ᠬᠤᠷᠢᠶᠠᠨ ᠤ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠶᠢ ᠲᠦᠢᠯᠪᠤᠷᠢᠲᠠᠢ ᠣᠶᠢᠯᠠᠭᠠᠵᠤ᠂ ᠮᠠᠨ ᠤ ᠬᠤᠷᠢᠨᠭᠡᠷ ᠰᠢᠶᠠᠨ ᠤ ᠰᠠᠶᠢᠨ ᠰᠠᠶᠢᠬᠠᠨ ᠬᠥᠭᠵᠢᠯᠲᠡ ᠶᠢᠨ ᠢᠷᠡᠭᠡᠳᠦᠢ ᠶᠢ ᠣᠯᠵᠤ ᠬᠠᠷᠠᠵᠤ᠂ ᠮᠠᠨ ᠤ ᠲᠣᠰᠬᠤᠨ ᠤ ᠬᠥᠭᠵᠢᠯᠲᠡ ᠶᠢᠨ ᠰᠡᠳᠬᠢᠴᠡ ᠶᠢ ᠲᠣᠳᠣᠷᠬᠠᠢ ᠪᠣᠯᠭᠠᠵᠠᠢ᠂ ᠲᠠᠨᠠᠷ ᠤᠨ ᠡᠨᠡ ᠪᠣᠯ ᠮᠠᠨ ᠤ ᠲᠣᠰᠬᠤᠨ ᠳᠤ ᠨᠣᠮ ᠰᠤᠳᠤᠷ ᠢ ᠤᠯᠠᠮᠵᠢᠯᠠᠵᠤ ᠡᠷᠳᠡᠨᠢ ᠶᠢ ᠬᠦᠷᠭᠡᠵᠦ ᠪᠠᠶᠢᠭ᠎ᠠ ᠶᠠᠪᠤᠳᠠᠯ ᠮᠥᠨ᠂ ᠪᠢᠳᠡ ᠵᠠᠪᠠᠯ ᠠᠵᠠ ᠲᠣᠬᠢᠶᠠᠯ ᠢ ᠠᠮᠵᠢᠵᠤ᠂ ᠤᠨᠴᠠᠯᠢᠬᠳᠤ ᠠᠵᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠰᠡᠳᠬᠢᠯ ᠳᠣᠭᠳᠣᠯᠤᠨ ᠬᠡᠯᠡᠪᠡ      ᠲᠣᠰᠬᠤᠨ ᠤ ᠭᠤᠷᠪᠠᠨ ᠵᠥᠪᠯᠡᠯ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ ᠰᠦᠯᠵᠢᠶᠡᠨ ᠤ ᠠᠵᠢᠯᠳᠠᠨ᠂ ᠨᠠᠮ ᠳᠤ ᠤᠷᠤᠭᠰᠠᠨ ᠢᠳᠡᠪᠬᠢᠲᠡᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号