ᠭᠤᠤ ᠹᠧᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/6/27
     6 ᠰᠠᠷ᠎ᠠ ᠶᠢᠨ 20 ᠤ ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠰᠢᠶᠠᠨ ᠤ ᠳᠠᠷᠤᠭ᠎ᠠ ᠭᠤᠤ ᠹᠧᠩ ︽ᠳᠥᠷᠪᠡ ᠦᠭᠡᠢ ᠬᠤᠶᠠᠷ ᠰᠢᠭᠤᠳ︾ ᠬᠡᠯᠪᠡᠷᠢ ᠪᠠᠷ ᠲᠤᠸᠠᠨ ᠪᠦ᠋ ᠵᠠᠮ ᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠨᠢᠭᠤᠴᠠ ᠪᠠᠷ ᠰᠤᠷᠪᠤᠯᠵᠢᠯᠠᠨ ᠰᠢᠮᠳᠠᠭᠤᠯᠤᠨ ᠵᠢᠯᠣᠭᠤᠳᠪᠠ᠃ ᠠᠰᠠᠭᠤᠳᠠᠯ ᠢ ᠢᠯᠡᠷᠡᠭᠦᠯᠬᠦ ᠳᠤ ᠴᠢᠭᠯᠡᠭᠦᠯᠦᠨ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠢ ᠲᠤᠬᠠᠶ ᠶᠢᠨ ᠲᠠᠯᠠᠪᠤᠷ ᠲᠤᠨᠢ ᠬᠠᠷᠢᠭᠤ ᠲᠤᠰᠬᠠᠵᠤ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠵᠢᠴᠢ ᠬᠠᠷᠢᠭᠤᠴᠠᠯᠭᠠᠲᠤ ᠰᠠᠯᠠᠭ᠎ᠠ ᠮᠥᠴᠢᠷ ᠢ ᠡᠷᠴᠢ ᠵᠣᠷᠢᠭ ᠢᠶᠠᠨ ᠬᠥᠪᠴᠢᠯᠡᠵᠦ᠂ ᠪᠡᠷᠬᠡ ᠰᠡᠳᠦᠪ ᠢ ᠬᠦᠴᠦᠯᠡᠨ ᠰᠢᠢᠳᠪᠦᠷᠢᠯᠡᠵᠦ᠂ ᠨᠢᠭᠡ ᠠᠴᠠ ᠨᠦᠬᠦᠭᠡ ᠶᠢ ᠵᠦᠢᠴᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ︽ᠡᠭᠦᠳᠪᠡᠯ ᠵᠠᠪᠠᠯ ᠪᠦᠲᠦᠭᠡᠵᠦ᠂ ᠦᠷ᠎ᠡ ᠪᠦᠲᠦᠮᠵᠢ ᠭᠠᠷᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号