ᠬᠤᠷᠢᠨᠭᠡᠷ ᠰᠢᠶᠠᠨ ︽6.26︾ ᠤ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/28
     2023 ᠣᠨ ᠤ 6 ᠰᠠᠷ᠎ᠠ ᠶᠢᠨ 26 ᠤ ᠡᠳᠦᠷ ᠪᠣᠯ 36 ᠳ᠋ᠤᠭᠠᠷ ︽ᠳᠡᠯᠡᠬᠡᠶ ᠶᠢᠨ ᠬᠤᠤᠷ ᠴᠠᠭᠠᠵᠠᠯᠠᠬᠤ ᠡᠳᠦᠷ︾ ᠪᠣᠯᠤᠨ᠎ᠠ᠂ ᠬᠤᠤᠷᠲᠤ ᠡᠳ᠋ ᠤᠨ ᠬᠤᠤᠷ ᠬᠥᠨᠥᠭᠡᠯ ᠨᠢ ᠦᠷ᠎ᠡ ᠬᠤᠶᠢᠴᠢᠰ ᠲᠠᠭᠠᠨ ᠬᠤᠤᠷ ᠬᠥᠨᠥᠭᠡᠯ ᠤᠴᠠᠷᠠᠭᠤᠯᠳᠠᠭ᠂ ᠬᠤᠤᠷᠲᠤ ᠡᠳ᠋ ᠢ ᠴᠢᠩᠭ᠎ᠠ ᠴᠠᠭᠠᠵᠠᠯᠠᠬᠤ ᠪᠣᠯ ᠨᠠᠮ ᠪᠠ ᠵᠠᠰᠠᠭ ᠤᠨ ᠣᠷᠳᠣᠨ ᠤ ᠢᠮᠠᠭᠲᠠ ᠶᠢᠨ ᠵᠣᠭᠰᠣᠯᠲᠠ ᠪᠠ ᠡᠷᠡᠰ ᠵᠣᠷᠢᠯᠲᠠ ᠮᠥᠨ᠃ ︽ᠡᠷᠡᠭᠦᠯ ᠴᠢᠭᠢᠷᠠᠭ ᠬᠥᠮᠦᠨ ᠤ ᠠᠮᠢᠳᠤᠷᠠᠯ᠂ ᠪᠣᠬᠢᠷᠲᠤᠯ ᠥᠬᠡᠶ ᠬᠤᠤᠷ ᠥᠬᠡᠶ︾ ᠬᠤᠤᠷᠲᠤ ᠡᠳ᠋ ᠢ ᠴᠠᠭᠠᠵᠠᠯᠠᠬᠤ ᠣᠶᠢᠯᠠᠭᠠᠭᠳᠠᠬᠤᠨ ᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠬᠤᠤᠷᠲᠤ ᠡᠳ᠋ ᠢ ᠴᠠᠭᠠᠵᠠᠯᠠᠬᠤ ᠠᠷᠠᠳ ᠤᠨ ᠲᠡᠶᠢᠨ ᠳᠤ ᠡᠷᠡᠰ ᠢᠯᠠᠯᠲᠠ ᠣᠯᠵᠤ᠂ ᠪᠥᠬᠦ ᠤᠯᠤᠰ ᠤᠨ ᠬᠤᠤᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠂ ᠬᠤᠷᠢᠨᠭᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷᠲᠤ ᠡᠳ᠋ ᠢ ᠴᠠᠭᠠᠵᠠᠯᠠᠬᠤ ᠶᠡᠭᠡ ᠠᠩᠭᠢ ᠮᠠᠨ ᠤ ᠰᠢᠶᠠᠨ ᠤ ᠱᠧᠩ ᠴᠦᠨ ᠬᠤᠸᠠ ᠶᠤᠸᠠᠨ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠳᠤ ︽6 · 26︾ ᠤ ᠣᠯᠠᠨ ᠤᠯᠤᠰ ᠤᠨ ᠬᠤᠤᠷᠲᠤ ᠡᠳ᠋ ᠢ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠪᠡ᠃
     ᠠᠵᠢᠯᠯᠠᠭᠠᠨ ᠤ ᠭᠤᠣᠯ ᠬᠤᠷᠠᠯ ᠤᠨ ᠲᠠᠯᠠᠪᠠᠶ ᠳᠤ᠂ ︽ᠡᠷᠡᠭᠦᠯ ᠴᠢᠭᠢᠷᠠᠭ ᠬᠥᠮᠦᠨ ᠤ ᠠᠮᠢᠳᠤᠷᠠᠯ᠂ ᠪᠣᠬᠢᠷᠲᠤᠯ ᠦᠭᠡᠶ ᠬᠤᠣᠷ ᠦᠭᠡᠶ︾ ᠭᠡᠬᠦ ᠭᠤᠣᠯ ᠰᠡᠳᠦᠪ ᠲᠠᠢ ᠠᠷᠤ ᠬᠡᠷᠡᠮ ᠰᠡᠬᠦ᠋ᠢᠨ ᠰᠦᠨᠳᠡᠷᠯᠡᠵᠦ᠂ ᠬᠤᠣᠷ ᠴᠠᠭᠠᠵᠠᠯᠠᠬᠤ ᠤᠬᠠᠭᠤᠯᠭ᠎ᠠ ᠶᠢᠨ ᠢᠯᠡ ᠲᠣᠳᠣ ᠤᠷᠢᠶ᠎ᠠ ᠲᠠᠢ ᠬᠥᠨᠳᠡᠯᠡᠨ ᠪᠢᠴᠢᠭᠡᠰᠦ ᠶᠢ ᠲᠤᠬᠠᠶ ᠶᠢᠨ ᠲᠠᠯᠠᠪᠠᠶ ᠳᠤ ᠡᠯᠭᠦᠵᠦ᠂ ᠬᠤᠣᠷ ᠴᠠᠭᠠᠵᠠᠯᠠᠬᠤ ᠮᠡᠳᠡᠯᠭᠡ ᠶᠢᠨ ᠦᠵᠡᠭᠦᠯᠦᠯᠭᠡ ᠶᠢᠨ ᠰᠠᠮᠪᠠᠷ᠎ᠠ ᠶᠢ ᠬᠡᠳᠦᠨ ᠲᠠᠯ᠎ᠠ ᠪᠠᠷ ᠲᠡᠷᠢ ᠲᠡᠭᠰᠢ ᠲᠠᠯᠪᠢᠵᠤ᠂ ᠡᠯ᠎ᠡ ᠲᠥᠷᠥᠯ ᠤᠨ ᠬᠤᠣᠷᠲᠤ ᠡᠳ᠋ ᠤᠨ ᠵᠠᠭᠪᠤᠷ ᠢ ᠡᠮᠬᠢ ᠳᠢᠭᠯᠢᠮ ᠲᠠᠢ ᠳᠡᠯᠭᠡᠨ ᠠᠵᠢᠯᠯᠠᠭ᠎ᠠ ᠳᠤ ᠣᠷᠣᠯᠴᠠᠭᠰᠠᠨ ᠡᠯ᠎ᠡ ᠬᠤᠣᠷᠠᠲᠤ ᠡᠳ᠋ ᠢ ᠴᠠᠭᠠᠵᠠᠯᠠᠬᠤ ᠵᠥᠪᠯᠡᠯ ᠤᠨ ᠪᠦᠷᠢᠯᠳᠦᠬᠦᠨ ᠨᠢᠭᠡᠴᠡ ᠡᠮᠬᠢ ᠳᠢᠭᠯᠢᠮ ᠲᠠᠢ ᠪᠠᠷ ᠲᠠᠯᠠᠪᠠᠶ ᠶᠢᠨ ᠬᠤᠶᠠᠷ ᠲᠠᠯ᠎ᠠ ᠳᠤ ᠴᠤᠭᠯᠠᠷᠠᠨ᠂ ᠠᠵᠢᠯᠲᠠᠳ ᠤᠬᠠᠭᠤᠯᠭ᠎ᠠ ᠶᠢᠨ ᠥᠩᠭᠡᠲᠦ ᠬᠠᠭᠤᠳᠠᠰᠤ᠂ ᠰᠤᠷᠭᠠᠨ ᠬᠥᠮᠦᠵᠢᠯ ᠤᠨ ᠤᠩᠰᠢᠬᠤ ᠪᠢᠴᠢᠭ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠪᠠ ᠠᠰᠠᠭᠤᠨ ᠯᠠᠪᠯᠠᠬᠤ ᠲᠠᠪᠴᠠᠩ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠬᠤᠤᠷᠲᠤ ᠡᠳ᠋ ᠢ ᠬᠤᠷᠢᠭᠯᠠᠬᠤ᠂ ᠬᠤᠤᠷᠲᠤ ᠡᠳ᠋ ᠤᠨ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠦᠶ ᠣᠯᠠᠨ ᠣᠯᠠᠨ ᠲᠦᠮᠡᠨ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠦᠵᠡᠭᠦᠯᠦᠯᠭᠡ ᠶᠢᠨ ᠰᠠᠮᠪᠠᠷ᠎ᠠ ᠶᠢ ᠲᠣᠭᠤᠷᠢᠨ ᠦᠵᠡᠵᠦ᠂ ᠬᠤᠤᠷᠲᠤ ᠡᠳ᠋ ᠢ ᠴᠠᠭᠠᠵᠠᠯᠠᠬᠤ ᠭᠠᠷ ᠳᠡᠪᠲᠡᠷ ᠢ ᠰᠠᠨᠠᠭᠠᠴᠢᠯᠠᠭ᠎ᠠ ᠠᠴᠠ ᠪᠠᠨ ᠨᠡᠬᠡᠨ ᠠᠪᠴᠤ᠂ ᠲᠤᠬᠠᠶ ᠶᠢᠨ ᠲᠠᠯᠠᠪᠤᠷ ᠲᠤ ᠬᠥᠮᠦᠰ ᠤᠨ ᠠᠩᠬᠠᠷᠤᠯ ᠢ ᠲᠠᠲᠠᠵᠤ᠂ ᠠᠭᠤᠷ ᠠᠮᠢᠰᠬᠤᠯ ᠢᠶᠠᠷ ᠥᠳᠬᠡᠨ ᠪᠠᠶᠢᠯ᠎ᠠ᠃
     ᠤᠬᠠᠭᠤᠯᠭ᠎ᠠ ᠶᠢᠨ ᠬᠤᠪᠢᠶᠠᠷᠢ ᠬᠤᠷᠠᠯ ᠤᠨ ᠲᠠᠯᠠᠪᠠᠶ ᠶᠢ ᠮᠠᠨ ᠤ ᠰᠢᠶᠠᠨ ᠤ ᠺᠢᠨᠣ᠋ ᠶᠢᠨ ᠣᠷᠳᠣᠨ ᠳᠤ ᠪᠠᠶᠢᠷᠢᠯᠠᠭᠤᠯᠵᠤ᠂ ᠠᠵᠢᠯᠲᠠᠳ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠬᠤᠣᠷᠲᠤ ᠡᠳ᠋ ᠢ ᠴᠠᠭᠠᠵᠠᠯᠠᠬᠤ ᠰᠡᠳᠦᠪᠲᠦ ᠺᠢᠨᠣ᠋ ᠶᠢ ︽ᠴᠢᠮ᠎ᠠ ᠲᠠᠢ ᠬᠠᠮᠲᠤ ᠭᠡᠷ ᠲᠤ ᠪᠠᠨ ᠬᠠᠷᠢᠶ᠎ᠠ︾  ᠶᠢ ᠦᠵᠡᠭᠦᠯᠪᠡ᠃
     ᠡᠭᠦᠨ ᠤ ᠵᠡᠷᠭᠡ ᠳᠤ᠂ ᠮᠠᠨ ᠤ ᠰᠢᠶᠠᠨ ᠤ ᠠᠭᠤᠳᠠᠮ ᠲᠠᠯᠠᠪᠠᠶ᠂ ᠨᠠᠨᠱᠠᠨ ᠴᠡᠴᠡᠷᠯᠢᠭ᠂ ᠪᠠᠩᠬᠢ᠂ ᠬᠠᠮ ᠵᠠᠭᠤᠴᠢᠯᠠᠭᠤᠷ ᠤᠨ ᠲᠥᠪ᠂ ᠵᠣᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ ᠪᠠ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠵᠡᠷᠭᠡ ᠭᠠᠵᠠᠷ ᠲᠤ᠂ LED ᠲᠣᠮᠣ ᠳᠡᠯᠭᠡᠴᠡ ᠪᠠᠷ ᠬᠤᠤᠷ ᠴᠠᠭᠠᠵᠠᠯᠠᠬᠤ ᠤᠬᠠᠭᠤᠯᠭ᠎ᠠ ᠶᠢᠨ ᠭᠤᠤᠯ ᠰᠡᠳᠦᠪ᠂ ᠬᠤᠤᠷ ᠴᠠᠭᠠᠵᠠᠯᠠᠬᠤ ᠤᠬᠠᠭᠤᠯᠭ᠎ᠠ ᠶᠢᠨ ᠣᠬᠤᠷ ᠸᠢᠳᠢᠣ᠋ ᠪᠠ ︽ᠪᠥᠬᠦ ᠤᠯᠤᠰ ᠤᠨ ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ︾ ᠭᠡᠬᠦ ᠤᠷᠢᠶ᠎ᠠ ᠶᠢ ᠨᠡᠪᠲᠡᠷᠡᠭᠦᠯᠵᠦ᠂ ︽6.26︾ ᠤ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠭᠤᠷ ᠠᠮᠢᠰᠬᠤᠯ ᠢ ᠭᠦᠢᠴᠡᠳ ᠪᠣᠶ ᠪᠣᠯᠭᠠᠵᠤ᠂ ᠨᠠᠰᠢ ᠴᠠᠰᠢ ᠥᠩᠭᠡᠷᠡᠬᠦ ᠣᠯᠠᠨ ᠲᠦᠮᠡᠨ ᠤ ᠠᠩᠬᠠᠷᠤᠯ ᠢ ᠲᠠᠲᠠᠪᠠ᠃
     ᠤᠬᠠᠭᠤᠯᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠬᠤ ᠶᠢᠨ ᠲᠥᠯᠥᠭᠡ᠂ ᠠᠷᠠᠳ ᠤᠨ ᠴᠠᠭᠳᠠᠭ᠎ᠠ ᠨᠠᠷ ᠮᠠᠨ ᠤ ᠰᠢᠶᠠᠨ ᠤ ᠵᠣᠴᠢᠳ ᠢᠶᠠᠷ ᠨᠡᠯᠢᠶᠡᠳ ᠣᠯᠠᠨ ᠢᠳᠡᠭᠡᠨ ᠤᠮᠳᠠᠭᠠᠨ ᠤ ᠠᠵᠢᠯ ᠲᠥᠷᠥᠯ ᠳᠤ ᠬᠦᠷᠴᠦ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠤᠤᠷᠲᠤ ᠡᠳ᠋ ᠢ ᠴᠠᠭᠠᠵᠠᠯᠠᠬᠤ ᠠᠭᠤᠷ ᠠᠮᠢᠰᠬᠤᠯ ᠢ ᠣᠯᠠᠨ ᠳᠤ ᠭᠦᠨ ᠭᠦᠨᠵᠡᠭᠡᠶ ᠮᠡᠳᠡᠷᠡᠭᠦᠯᠵᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠭᠰᠡᠨ ᠪᠠᠶᠢᠨ᠎ᠠ᠃
     ᠵᠠᠯᠭᠠᠭᠠᠳ᠂ ᠮᠠᠨ ᠤ ᠰᠢᠶᠠᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠨ ᠤ ᠰᠢᠶᠠᠨ ᠤ ᠥᠷᠭᠡᠨ ᠣᠯᠠᠨ ᠲᠦᠮᠡᠨ ᠳᠤ ᠨᠠᠩ ᠣᠯᠠᠨ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠪᠠ ᠬᠠᠤᠯᠢ ᠲᠣᠭᠲᠠᠭᠠᠯ ᠢ ᠰᠤᠷᠤᠯᠴᠠᠵᠤ᠂ ᠬᠤᠤᠷᠲᠤ ᠡᠳ᠋ ᠤᠨ ᠬᠤᠤᠷ ᠬᠥᠨᠥᠭᠡᠯ ᠤᠨ ᠲᠤᠬᠠᠶ ᠥᠷᠭᠡᠨ ᠣᠯᠠᠨ ᠲᠦᠮᠡᠨ ᠤ ᠲᠠᠨᠢᠯᠲᠠ ᠶᠢ ᠭᠦᠨᠵᠡᠭᠡᠶᠢᠷᠡᠭᠦᠯᠦᠨ᠂ ᠣᠯᠠᠨ ᠢᠶᠠᠷ ᠢᠶᠠᠨ ᠬᠠᠮᠲᠤ ᠪᠠᠷ ᠬᠤᠤᠷᠲᠤ ᠡᠳ᠋ ᠢ ᠡᠰᠡᠷᠭᠦᠴᠡᠬᠦ ᠢᠲᠡᠭᠡᠯ ᠵᠣᠷᠢᠭ ᠢ ᠨᠡᠮᠡᠭᠳᠡᠭᠦᠯᠵᠦ᠂ ᠪᠥᠬᠦ ᠠᠷᠠᠳ ᠢᠶᠠᠷ ᠢᠶᠠᠨ ᠬᠠᠮᠲᠤ ᠪᠠᠷ ᠬᠥᠳᠡᠯᠦᠯᠴᠡᠵᠦ᠂ ᠬᠤᠤᠷᠲᠤ ᠡᠳ᠋ ᠢ ᠴᠠᠭᠠᠵᠠᠯᠠᠬᠤ ᠳᠤ ᠬᠠᠮᠲᠤ ᠪᠠᠷ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠤᠷᠢᠶᠠᠯᠠᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号