ᠬᠥᠬᠡᠬᠤᠲᠠ ᠶᠢᠨ 2023 ᠣᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠷᠢᠨᠭᠡᠷ ᠰᠢᠶᠠᠨ ᠳᠤ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2023/6/30
     ᠶᠡᠷᠦᠩᠬᠡᠶ ᠱᠦᠵᠢ ᠰᠢ ᠶᠢᠨ ᠫᠢᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠤᠬᠠᠮᠰᠠᠷ ᠢ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ 6 ᠰᠠᠷ᠎ᠠ ᠶᠢᠨ 29 ᠤ ᠡᠳᠦᠷ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠬᠦ︾ ᠪᠠᠷ ᠭᠤᠣᠯ ᠰᠡᠳᠦᠪ ᠪᠣᠯᠭᠠᠭᠰᠠᠨ ᠬᠥᠬᠡᠬᠤᠲᠠ ᠶᠢᠨ 2023 ᠣᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠷᠢᠨᠭᠡᠷ ᠰᠢᠶᠠᠨ ᠤ ᠥᠪᠥᠷ ᠮᠣᠩᠭᠤᠯ ᠤᠨ ᠱᠧᠩ ᠵᠢᠶᠠᠨ ᠢᠮᠠᠭᠠᠨ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠦᠪᠡᠳᠡᠭᠰᠢ ᠶᠡᠬᠡᠪᠡᠷ ᠶᠠᠪᠤᠭᠳᠠᠪᠠ᠃ ᠬᠤᠷᠢᠨᠭᠡᠷ ᠰᠢᠶᠠᠨ ᠤ ᠳᠡᠳ᠋ ᠳᠠᠷᠤᠭ᠎ᠠ ᠪᠠᠢ ᠬᠤᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠦ᠋ ᠶᠦᠩ ᠾᠧᠦ ᠲᠤᠰ ᠤᠳᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠪᠡ᠃      ᠡᠭᠦᠨ ᠤ ᠳᠠᠷᠠᠭ᠎ᠠ᠂ ᠡᠯ᠎ᠡ ᠱᠠᠲᠤᠨ ᠤ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠠᠵᠢᠯᠲᠠᠨ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠲᠥᠯᠥᠭᠡᠯᠡᠭᠴᠢ ᠱᠧᠩ ᠵᠢᠶᠠᠨ ᠢᠮᠠᠭᠠᠨ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠳᠤᠷᠠᠳᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ 2022 ᠣᠨ ᠤ ᠡᠴᠦᠰ ᠪᠣᠯᠲᠠᠯ᠎ᠠ᠂ ᠬᠤᠷᠢᠨᠭᠡᠷ ᠰᠢᠶᠠᠨ ᠤ ᠬᠠᠷᠢᠶ᠎ᠠ ᠲᠣᠭᠤᠷᠢᠭ ᠤᠨ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ 501 ᠬᠤᠪᠢ ᠬᠦᠷᠴᠦ᠂ 2023 ᠣᠨ ᠳᠤ ᠲᠦᠮᠡᠨ ᠬᠥᠮᠦᠨ ᠪᠦᠷᠢ ᠶᠢᠨ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ 31.25 ᠬᠤᠪᠢ ᠬᠦᠷᠴᠡᠶ᠃ ᠳᠤᠮᠳᠠ ᠵᠢᠵᠢᠭ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠪᠠᠷ ᠳᠠᠮᠵᠢᠭᠤᠯᠤᠨ᠂ ᠳᠠᠪᠠᠭᠤᠯᠢᠭ ᠪᠦᠲᠦᠭᠡᠭᠳᠡᠬᠦᠨ ᠢ ᠲᠠᠰᠤᠷᠠᠯᠲᠠ ᠥᠬᠡᠶ ᠠᠭᠤᠳᠠᠯᠵᠤ᠂ ᠡᠭᠦᠳᠦᠨ ᠪᠦᠲᠦᠭᠡᠬᠦ ᠶᠢ ᠦᠷᠭᠦᠯᠵᠢᠯᠡᠨ ᠵᠣᠷᠢᠭᠵᠢᠭᠤᠯᠵᠤ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠤᠷᠢᠨᠭᠡᠷ ᠰᠢᠶᠠᠨ ᠤ ᠠᠵᠤ ᠦᠢᠯᠡᠰ ᠤᠨ ᠶᠠᠰᠤ ᠴᠢᠨᠠᠷ ᠤᠨ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠥᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠵᠡᠯ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ᠂ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠬᠢ ᠨᠠᠩ ᠶᠡᠭᠡ᠂ ᠨᠠᠩ ᠰᠠᠨᠠᠭᠠᠴᠢᠯᠠᠭᠠᠲᠤ ᠦᠢᠯᠡᠳᠦᠯ ᠢ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠳᠤᠮᠳᠠ ᠡᠮᠦᠨ᠎ᠡ ᠨᠢ ᠶᠠᠪᠤᠵᠤ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号