ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠦᠲᠦᠭᠡᠨ ᠪᠠᠶᠢᠭᠤᠯᠤᠯᠲᠠ ᠶᠢᠨ ᠬᠦᠴᠦᠨ ᠢ ᠨᠡᠮᠡᠷᠢᠯᠡᠨ᠎ᠡ
ᠨᠡᠶᠢᠲᠡᠯᠡᠭᠰᠡᠨ ᠴᠠᠭ᠄
2023/6/7
    ᠰᠤᠷᠪᠤᠯᠵᠢᠯᠠᠭᠰᠠᠨ ᠵᠣᠴᠢᠨ᠄ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠸᠠᠩ ᠫᠧᠩ ᠶᠧ      ᠬᠠᠮᠢᠶᠠᠷᠤᠭᠴᠢ᠄      ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ  ᠦᠵᠡᠯ ᠪᠣᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃          ᠬᠦᠲᠦᠯᠦᠭᠴᠢ᠄      ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠨᠢ ᠶᠠᠭᠤ ᠪᠤᠶ︖      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠸᠠᠩ ᠫᠧᠩ ᠶᠧ᠄      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠶᠠᠯᠠᠬᠤ ᠲᠠᠯᠠᠪᠠᠶ 234.82 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠱᠠᠷᠴᠢᠨ ᠤ ᠠᠵᠤ ᠦᠢᠯᠡᠳᠪᠦᠷᠢ ᠶᠢᠨ ᠲᠣᠭᠤᠷᠢᠭ᠂ ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠤᠯᠤᠰ ᠤᠨ ᠲᠠᠰ ᠤᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ ᠪᠠ ᠴᠠᠭᠠᠨ ᠰᠣᠪᠤᠷᠭ᠎ᠠ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ 4 ᠠᠵᠤ ᠠᠬᠤᠢ ᠶᠢᠨ ᠴᠢᠳᠠᠮᠵᠢᠲᠤ ᠣᠷᠣᠨ ᠢᠶᠠᠷ ᠪᠦᠷᠢᠯᠳᠦᠪᠡ᠃ ᠲᠥᠪᠯᠡᠷᠡᠭᠦᠯᠦᠨ ᠪᠦᠲᠦᠭᠡᠨ ᠪᠠᠶᠢᠭᠤᠯᠬᠤ ᠣᠷᠣᠨ ᠤ ᠲᠠᠯᠠᠪᠠᠶ ᠨᠢ 107.5 ᠲᠡᠭᠰᠢ ᠳᠥᠷᠪᠡᠯᠵᠢᠨ ᠺᠢᠯᠣᠮᠧᠲᠷ᠂ ᠪᠠᠶᠢᠩᠭᠤ ᠰᠠᠭᠤᠭ᠎ᠠ ᠬᠥᠮᠥᠨ ᠠᠮᠠ ᠨᠢ 22 ᠲᠦᠮᠡᠨ ᠬᠥᠮᠥᠨ ᠪᠠᠶᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠪᠠᠶᠢᠭᠤᠯᠤᠭᠰᠠᠨ 230 ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠢᠭᠡ ᠪᠣᠯᠣᠨ᠎ᠠ᠂ 1992 ᠣᠨ ᠳᠤ ᠡᠬᠢᠯᠡᠨ ᠪᠠᠶᠢᠭᠤᠯᠵᠤ᠂ ᠣᠲᠣ ᠪᠣᠯᠲᠠᠯ᠎ᠠ 31 ᠵᠢᠯ ᠪᠣᠯᠵᠤ ᠪᠠᠶᠢᠨ᠎ᠠ᠃      31 ᠵᠢᠯ ᠤᠨ ᠬᠥᠭᠵᠢᠯᠲᠡ ᠪᠠᠷ ᠳᠡᠮᠵᠢᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠨᠢᠭᠡᠨᠲᠡ ᠬᠥᠬᠡᠬᠤᠲᠠ ᠴᠢᠨᠠᠭᠰᠢᠯᠠᠪᠠᠯ ᠪᠥᠬᠦ ᠣᠷᠣᠨ ᠤ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠥᠲᠥᠯᠥᠨ ᠳᠠᠭᠠᠭᠤᠯᠬᠤ ᠣᠷᠣᠨ᠂ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠴᠢ ᠣᠷᠣᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠵᠢᠱᠢᠶ᠎ᠡ ᠦᠵᠡᠭᠦᠯᠬᠦ ᠣᠷᠣᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠥᠯᠢᠭᠡᠷ ᠳᠠᠭᠤᠷᠢᠶᠠᠯ ᠣᠷᠣᠨ᠂ ᠪᠣᠬᠢᠷᠲᠤᠯ ᠦᠭᠡᠢ ᠡᠷᠴᠢᠮᠯᠢᠭ ᠬᠥᠭᠵᠢᠯᠲᠡ ᠶᠢᠨ ᠰᠢᠨ᠎ᠡ ᠬᠡᠯᠪᠡᠷᠢ ᠶᠢᠨ ᠣᠷᠣᠨ︾ ᠪᠣᠯᠤᠭᠰᠠᠨ ᠪᠠᠶᠢᠨ᠎ᠠ᠃ ᠠᠲᠠᠷ ᠬᠠᠭᠠᠯᠪᠤᠷᠢᠯᠠᠭᠴᠢ ᠠᠴᠠ ᠬᠤᠪᠢᠰᠬᠠᠭᠴᠢ ᠪᠣᠯᠲᠠᠯ᠎ᠠ᠂ ᠡᠭᠦᠳᠦᠭᠴᠢ ᠠᠴᠠ ᠰᠢᠨ᠎ᠡ ᠶᠢ ᠡᠭᠦᠳᠦᠭᠴᠢ ᠪᠣᠯᠲᠠᠯ᠎ᠠ᠂ ᠠᠯᠬᠤᠵᠤ ᠪᠠᠶᠢᠭᠰᠠᠨ ᠠᠴᠠ ᠳᠠᠪᠬᠢᠬᠤ ᠪᠣᠯᠲᠠᠯ᠎ᠠ᠂ ᠠᠶᠠᠨ ᠳᠤ ᠮᠣᠷᠳᠠᠬᠤ ᠠᠴᠠ ᠳᠠᠪᠠᠯᠲᠠ ᠳᠤ ᠬᠦᠷᠲᠡᠯ᠎ᠡ ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠵᠠᠰᠠᠭ ᠤᠨ ᠣᠷᠳᠣᠨ ᠤ ᠬᠦᠨᠳᠦ ᠨᠠᠶᠢᠳᠠᠯᠭ᠎ᠠ ᠶᠢ ᠠᠴᠢᠶᠠᠯᠠᠵᠤ᠂ ᠴᠤᠴᠠᠯᠲᠠ ᠦᠭᠡᠢ ᠤᠷᠤᠭᠰᠢᠯᠠᠬᠤ ᠥᠷᠨᠢᠭᠦᠨ ᠬᠦᠴᠦᠨ ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠳᠣᠷᠣᠭᠰᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠶᠢ 2022 ᠣᠨ ᠳᠤ ᠪᠠᠶᠢᠭᠤᠯᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠤᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠶᠠᠪᠤᠳᠠᠯ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠲᠥᠪ ᠵᠡᠷᠭᠡ 5 ᠨᠢᠭᠡᠴᠡ ᠶᠢ ᠨᠡᠶᠢᠯᠡᠭᠦᠯᠦᠨ ᠪᠠᠶᠢᠭᠤᠯᠵᠤ᠂ ᠭᠤᠣᠯᠳᠠᠭᠤ ᠨᠡᠭᠡᠭᠡᠯᠲᠡ ᠶᠢᠨ ᠲᠣᠭᠤᠷᠢᠭ ᠤᠨ 4 ᠵᠦᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ ᠰᠠᠭᠤᠷᠢ ᠪᠡᠯᠡᠳᠬᠡᠮᠵᠢ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠪᠠ ᠲᠥᠷᠥᠯ ᠵᠦᠢᠯ ᠤᠨ ᠢᠨᠵᠧᠨᠧᠷᠢᠩ ᠵᠡᠷᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ︔ ᠨᠡᠭᠡᠭᠡᠯᠲᠡ ᠶᠢᠨ ᠲᠣᠭᠤᠷᠢᠭ ᠤᠨ ᠬᠡᠪᠴᠢᠶᠡᠨ ᠳᠠᠬᠢ ᠭᠠᠵᠠᠷ ᠰᠢᠷᠣᠢ ᠶᠢ ᠲᠥᠯᠥᠪᠵᠢᠭᠦᠯᠬᠦ ᠂ ᠲᠠᠲᠠᠪᠤᠷᠢᠯᠠᠨ ᠬᠡᠷᠡᠭᠯᠡᠬᠦ᠂ ᠨᠡᠭᠡᠭᠡᠨ ᠠᠰᠢᠭᠯᠠᠬᠤ ᠪᠠ ᠬᠡᠷᠡᠭᠯᠡᠬᠦ ᠶᠢ ᠬᠠᠤᠯᠢ ᠶᠣᠰᠣᠭᠠᠷ ᠬᠠᠮᠢᠶᠠᠷᠬᠤ ᠶᠢ ᠬᠠᠷᠢᠭᠤᠴᠠᠨ᠎ᠠ︔ ᠣᠷᠣᠨ ᠰᠠᠭᠤᠴᠠ ᠶᠢᠨ ᠪᠠᠲᠤᠯᠠᠭ᠎ᠠ᠂ ᠤᠶᠤᠨᠲᠤ ᠨᠡᠭᠡᠭᠡᠯᠲᠡ ᠶᠢᠨ ᠲᠣᠭᠤᠷᠢᠭ ᠪᠠ ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠢ ᠪᠣᠳᠠᠲᠠᠢ ᠡᠭᠦᠷᠭᠡᠯᠡᠵᠦ᠂ ᠬᠦᠷᠢᠶᠡᠯᠡᠩ ᠲᠣᠭᠤᠷᠢᠭ ᠤᠨ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠬᠤ᠂ ᠰᠠᠭᠤᠷᠢ  ᠪᠡᠯᠡᠳᠬᠡᠮᠵᠢ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠵᠢᠯᠤᠭᠤᠳᠴᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ  ᠶᠢ ᠵᠢᠯᠤᠭᠤᠳᠴᠤ᠂ ᠦᠯᠡᠳᠡᠭᠳᠡᠯ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ  ᠶᠢ ᠠᠬᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ ᠭᠡᠷ ᠪᠠᠶᠢᠰᠢᠩ ᠤᠨ ᠪᠠᠷᠢᠯᠭ᠎ᠠ᠂ ᠬᠤᠲᠠ ᠶᠢᠨ ᠶᠠᠪᠤᠳᠠᠯ᠂ ᠭᠡᠷ ᠤᠨ ᠳᠣᠲᠣᠷᠠᠬᠢ ᠵᠠᠰᠠᠯ ᠴᠢᠮᠡᠭᠯᠡᠯ ᠤᠨ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡ ᠶᠢ ᠵᠢᠯᠤᠭᠤᠳᠴᠤ᠂ ᠭᠡᠷ ᠪᠠᠶᠢᠰᠢᠩ ᠤᠨ ᠪᠠᠷᠢᠯᠭ᠎ᠠ᠂ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ᠂ ᠭᠠᠯ  ᠰᠡᠷᠭᠡᠶᠢᠯᠡᠵᠦ ᠭᠠᠯ ᠤᠨᠲᠠᠷᠠᠭᠠᠬᠤ ᠶᠢ ᠬᠢᠨᠠᠨ ᠪᠠᠶᠢᠴᠠᠭᠠᠵᠤ ᠰᠢᠯᠭᠠᠨ ᠠᠪᠴᠤ ᠳᠠᠩᠰᠠᠯᠠᠬᠤ ᠶᠢ ᠵᠢᠯᠤᠭᠤᠳᠴᠤ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠲᠠᠢ ᠬᠠᠮᠵᠢᠯᠴᠠᠨ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ 12319 ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠬᠠᠯᠠᠮᠰᠢᠯ ᠤᠲᠠᠰᠤ ᠶᠢᠨ ᠲᠠᠷᠬᠠᠭᠠᠵᠤ ᠢᠷᠡᠭᠦᠯᠦᠭᠰᠡᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠦᠨ᠎ᠡ᠃      2023 ᠣᠨ ᠳᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠢ ᠳᠤᠨᠢ ᠵᠢᠯᠤᠭᠤᠳᠤᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠳᠣᠯᠬᠢᠯᠠᠨ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠮᠢᠩᠭᠠᠨ ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ︾᠂ ︽ᠣᠶᠤᠨᠲᠤ ᠬᠦᠷᠢᠶᠡᠯᠡᠩ ᠲᠣᠭᠤᠷᠢᠭ︾᠂ ︽ᠠᠮᠢ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠢ ᠢᠳᠡᠪᠬᠢᠲᠡᠢ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠣᠰᠣᠭᠠᠷ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ᠬᠥᠲᠥᠯᠥᠭᠴᠢ᠄      ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ  ᠶᠢᠨ ᠲᠣᠪᠴᠢᠶᠠᠨ ᠤ ᠡᠭᠦᠷᠭᠡ ᠬᠠᠷᠢᠭᠤᠴᠠᠯᠭ᠎ᠠ  ᠶᠢ ᠦᠨᠳᠦᠰᠦᠯᠡᠪᠡᠯ᠂ ᠡᠨᠡ ᠵᠢᠯ ᠤᠨ ᠬᠥᠭᠵᠢᠯᠲᠡ ᠶᠢᠨ ᠬᠠᠷᠠᠯᠲᠠ ᠪᠤᠶᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠨᠢ ᠶᠠᠭᠤ ᠪᠤᠶ︖      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠸᠠᠩ ᠫᠧᠩ ᠶᠧ᠄      ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 2023 ᠣᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠠᠭᠤᠷᠢ ᠪᠡᠯᠡᠳᠬᠡᠮᠵᠢ᠂ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠤᠲᠠ ᠶᠢ ᠰᠢᠨᠡᠳᠬᠡᠨ ᠥᠭᠡᠷᠡᠴᠢᠯᠡᠬᠦ᠂ ᠵᠠᠮ ᠬᠠᠷᠢᠯᠴᠠᠭ᠎ᠠ ᠶᠢᠨ ᠲᠥᠬᠦᠮ ᠦᠵᠡᠭᠦᠯᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ 5 ᠲᠠᠯ᠎ᠠ ᠶᠢᠨ ᠲᠣᠭᠤᠷᠢᠨ ᠳᠤ᠂ 70 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠬᠦᠯᠦᠨ᠎ᠡ᠃ ᠡᠭᠦᠨ ᠤ ᠳᠣᠲᠣᠷ᠎ᠠ 14 ᠲᠦᠷᠦᠯ ᠵᠦᠢᠯ ᠢ ᠦᠷᠭᠦᠯᠵᠢᠯᠡᠨ ᠪᠠᠶᠢᠭᠤᠯᠵᠤ᠂ 1 ᠲᠦᠷᠦᠯ ᠵᠦᠢᠯ ᠢ ᠪᠡᠯᠡᠳᠬᠡᠵᠦ᠂ 3 ᠲᠦᠷᠦᠯ ᠵᠦᠢᠯ ᠢ ᠥᠭᠡᠷᠡᠴᠢᠯᠡᠵᠦ᠂ 52 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂  ᠶᠡᠷᠦᠩᠬᠡᠢ ᠪᠡᠯᠡ ᠣᠷᠤᠭᠤᠯᠤᠯᠲᠠ ᠪᠠᠷᠤᠭ 251 ᠳ᠋ᠦᠩᠰᠢᠭᠤᠷ ᠲᠥᠭᠦᠷᠢᠭ ᠬᠦᠷᠦᠨ᠎ᠡ᠃      ᠬᠥᠲᠥᠯᠥᠭᠴᠢ᠄      ᠬᠥᠭᠵᠢᠯᠲᠡ ᠶᠢᠨ ᠬᠠᠷᠠᠯᠲᠠ ᠡᠭᠦᠷᠭᠡ ᠶᠢᠨ ᠶᠣᠰᠣᠭᠠᠷ᠂ ᠪᠢᠳᠡ ᠪᠣᠳᠠᠲᠠᠢ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠶᠠᠮᠠᠷ  ᠪᠠᠶᠢᠨ᠎ᠠ︖      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠸᠠᠩ ᠫᠧᠩ ᠶᠧ᠄      ᠬᠠᠷᠠᠯᠲᠠ ᠡᠭᠦᠷᠭᠡ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ︽123456︾ ᠠᠵᠢᠯ ᠤᠨ ᠠᠷᠭ᠎ᠠ ᠬᠡᠮᠵᠢᠶ᠎ᠡ ᠶᠢ ᠠᠪᠴᠤ᠂ ᠴᠢᠳᠠᠪᠤᠷᠢ ᠶᠢᠨ ᠲᠠᠰ ᠤᠨ ᠳᠡᠭᠡᠭᠰᠢᠯᠡᠯᠲᠡ ᠶᠢ ᠭᠦᠨᠵᠡᠭᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠢᠵᠢᠮ ᠢ ᠪᠠᠷᠢᠮᠲᠠᠯᠠᠨ᠎ᠠ᠃ ᠡᠨᠡ ᠵᠢᠯ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠣᠷᠣᠨ ᠰᠠᠭᠤᠴᠠ ᠶᠢᠨ ᠪᠠᠲᠤᠯᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ  ᠰᠢᠰᠲ᠋ᠧᠮᠵᠢ ᠶᠢ ᠲᠡᠭᠦᠯᠳᠡᠷᠵᠢᠭᠦᠯᠬᠦ ᠲᠠᠯ᠎ᠠ ᠪᠠᠷ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠭᠡᠷ ᠪᠠᠶᠢᠰᠢᠩ ᠢ ᠴᠤᠭᠯᠠᠭᠤᠯᠬᠤ ᠶᠢ ᠲᠦᠯᠬᠢᠨ ᠠᠬᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ᠂ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠳᠠᠯ ᠠᠬᠤᠢ ᠶᠢᠨ ᠠᠵᠤ ᠠᠬᠤᠶᠢᠯᠠᠯ ᠤᠨ ᠢᠲᠡᠭᠡᠮᠵᠢ ᠲᠠᠢ ᠶᠢ ᠤᠷᠮᠠᠰᠢᠭᠤᠯᠬᠤ ᠪᠠ  ᠢᠳᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠬᠠᠮᠢᠶᠠᠷᠤᠯᠲᠠ ᠶᠢᠨ ᠳᠥᠷᠢᠮ ᠢ ᠪᠠᠶᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢᠨ ︽ᠶᠡᠬᠡᠪᠡᠷ ᠵᠢᠭᠰᠠᠭᠠᠨ ᠪᠠᠶᠢᠴᠠᠭᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠲᠦᠮᠡᠨ ᠡᠷᠦᠬᠡ ᠶᠢ ᠳᠤᠯᠠᠭᠠᠴᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠭᠡᠷ ᠪᠠᠶᠢᠰᠢᠩ ᠬᠤᠳᠠᠯᠳᠤᠨ ᠠᠪᠤᠭᠴᠢ ᠶᠢᠨ ᠵᠦᠢ ᠵᠣᠬᠢᠰᠲᠠᠢ ᠣᠷᠣᠨ ᠰᠠᠭᠤᠴᠠ ᠶᠢᠨ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ ᠨᠡᠶᠢᠭᠡᠮ ᠨᠡᠶᠢᠲᠡ ᠳᠤ ᠢᠯᠡ ᠪᠣᠯᠭᠠᠨ᠎ᠠ᠃      ᠬᠤᠳᠠ ᠶᠢᠨ ᠬᠠᠮᠢᠶᠠᠷᠤᠯᠲᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠤᠶᠠᠷ ᠶᠡᠭᠡ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠥᠬᠡᠬᠤᠲᠠ ᠶᠢᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠬᠠᠪᠲᠠᠭᠠᠶᠢᠷᠠᠭᠤᠯᠤᠭᠰᠠᠨ ᠬᠠᠮᠢᠶᠠᠷᠤᠯᠲᠠ ᠶᠢᠨ ᠪᠣᠳᠠᠲᠠᠢ ᠲᠠᠢ ᠤᠶᠠᠯᠳᠤᠭᠤᠯᠤᠨ᠂ ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠰᠠᠭᠠᠯᠢᠴᠢᠨ ᠠᠵᠤ ᠦᠢᠯᠡᠳᠪᠦᠷᠢ ᠶᠢᠨ ᠲᠣᠭᠤᠷᠢᠭ᠂ ᠴᠠᠭᠠᠨ ᠰᠣᠪᠤᠷᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠠᠳᠬᠤᠨ᠎ᠠ᠃ ᠨᠢᠭᠡ ᠳᠤ  ᠲᠣᠬᠤᠢ ᠶᠢᠨ ᠪᠠᠶᠢᠰᠢᠩ ᠤᠨ ᠲᠠᠪᠤᠳᠤᠭᠠᠷ᠂ ᠵᠢᠷᠭᠤᠳᠤᠭᠠᠷ ᠥᠷᠭᠡᠷᠢᠭ ᠤᠨ ᠵᠡᠭᠡᠯᠢ᠂  ᠡᠮᠦᠨ᠎ᠡ ᠪᠤᠲᠠᠴᠢ ᠲᠣᠰᠬᠤᠨ ᠤ ᠠᠮᠠ᠂ ᠯᠢᠨ ᠶᠢᠨ ᠵᠡᠭᠡᠯᠢ ᠶᠢᠨ ᠦᠨᠳᠦᠰᠦᠲᠡᠨ ᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠣᠶᠢᠷ᠎ᠠ ᠬᠠᠪᠢ ᠶᠢᠨ ᠪᠠᠶᠢᠩᠭᠤ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠢᠯᠠᠩᠭᠤᠶ᠎ᠠ ᠵᠠᠰᠠᠮᠠᠯ ᠵᠠᠮ ᠳᠡᠭᠡᠷ᠎ᠡ ᠮᠠᠶᠢᠮᠠᠢ ᠳᠡᠯᠭᠡᠬᠦ᠂ ᠬᠡᠷᠡᠮ ᠡᠪᠳᠡᠨ ᠳᠡᠯᠭᠡᠭᠦᠷ ᠨᠡᠭᠡᠭᠡᠬᠦ᠂ ᠳᠡᠯᠭᠡᠭᠦᠷ ᠤᠨ ᠭᠠᠳᠠᠨ᠎ᠠ ᠶᠠᠭᠤᠮ᠎ᠠ ᠣᠪᠣᠭᠠᠯᠠᠬᠤ᠂ ᠳᠤᠷ᠎ᠠ ᠪᠠᠷ ᠢᠶᠠᠨ ᠭᠡᠷ ᠤᠨ ᠭᠠᠳᠠᠨᠠᠬᠢ ᠵᠠᠷ ᠮᠡᠳᠡᠭᠡ᠂ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠭᠠᠷᠭᠠᠬᠤ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠡ᠃ᠬᠤᠶᠠᠷ ᠲᠤ ᠨᠡᠭᠡᠭᠡᠯᠲᠡ ᠶᠢᠨ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠺᠣᠮᠫᠠᠨᠢ ᠶᠢᠨ ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠰᠠᠭᠠᠯᠢᠴᠢᠨ ᠠᠵᠤ ᠦᠢᠯᠡᠳᠪᠦᠷᠢ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠬᠦ ᠶᠢ ᠰᠢᠮᠳᠠᠭᠤᠯᠤᠨ᠂ ᠣᠷᠴᠢᠨ ᠲᠣᠭᠤᠷᠢᠨ ᠤ  ᠠᠷᠢᠭᠤᠨ ᠴᠡᠪᠡᠷ ᠢ ᠰᠢᠯᠭᠠᠨ ᠬᠢᠨᠠᠬᠤ ᠬᠡᠷᠡᠭᠵᠢᠭᠦᠯᠬᠦ ᠨᠠᠷᠢᠨ ᠠᠷᠭ᠎ᠠ ᠶᠢ ᠲᠣᠭᠲᠠᠭᠠᠵᠤ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠩᠭ᠎ᠠ ᠨᠠᠷᠢᠯᠢᠭᠵᠢᠭᠤᠯᠤᠨ᠎ᠠ᠃ ᠡᠭᠦᠨ ᠤ ᠬᠠᠮᠲᠤ᠂ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠮᠠᠨ ᠤ ᠲᠣᠪᠴᠢᠶ᠎ᠠ ᠰᠠᠭᠠᠯᠢᠴᠢᠨ ᠲᠣᠰᠬᠤᠨ ᠤ 209 ᠤᠯᠤᠰ ᠤᠨ ᠵᠠᠮ ᠠᠴᠠ ᠪᠠᠷᠠᠭᠤᠨᠰᠢ 2145 ᠮᠦ ︵ᠪᠠᠷᠤᠭ 300 ᠡᠷᠦᠬᠡ︶ ᠶᠢᠨ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠠᠵᠢᠯ ᠢ ᠬᠠᠷᠢᠭᠤᠴᠠᠨ ᠪᠡᠶᠡᠯᠡᠭᠦᠯᠵᠦ᠂ ᠡᠨᠡ ᠵᠢᠯ ᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃      ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠠᠶᠢᠯ ᠲᠣᠰᠬᠤᠨ ᠤ ᠲᠥᠯᠦᠪᠵᠢᠭᠦᠯᠭᠡ᠂ ᠲᠤᠰᠬᠠᠢ ᠵᠦᠢᠯ ᠤᠨ ᠲᠥᠯᠦᠪᠵᠢᠭᠦᠯᠭᠡ ᠵᠡᠷᠭᠡ ᠭᠤᠷᠪᠠᠨ ᠶᠡᠭᠡ ᠲᠥᠯᠦᠪᠵᠢᠭᠦᠯᠭᠡ ᠶᠢᠨ ᠵᠢᠯᠣᠭᠤᠳᠤᠮᠵᠢ ᠶᠢ ᠪᠦᠷᠢᠯᠳᠦᠭᠦᠯᠦᠨ᠎ᠡ᠃ ᠰᠠᠭᠠᠯᠢᠴᠢᠨ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ 1+4 ᠵᠠᠭᠪᠤᠷ ᠢᠶᠠᠷ ᠨᠠᠶᠢᠷᠠᠭᠤᠯᠤᠨ ᠵᠣᠬᠢᠶᠠᠨ᠎ᠠ᠂ ᠣᠳᠣᠬᠠᠨ ᠳᠤ ᠶᠡᠷᠦᠩᠬᠡᠢ ᠲᠥᠯᠦᠪᠵᠢᠭᠦᠯᠭᠡ᠂ ᠲᠤᠰᠬᠠᠢ ᠰᠡᠳᠦᠪᠲᠦ ᠰᠤᠳᠤᠯᠭᠠᠨ ᠤ ᠡᠬᠡ ᠨᠣᠣᠷᠠᠭ ᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠪᠥᠭᠡᠳ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ 15.09 ᠲᠡᠭᠰᠢ ᠳᠥᠷᠪᠡᠯᠵᠢᠨ ᠺᠢᠯᠣᠮᠧᠲᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 92.96 ᠲᠡᠭᠰᠢ ᠳᠥᠷᠪᠡᠯᠵᠢᠨ ᠺᠢᠯᠣᠮᠧᠲᠷ ᠢ ᠵᠠᠭᠠᠭᠯᠠᠨ ᠲᠣᠭᠲᠠᠭᠠᠵᠤ᠂ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠢᠶᠠᠷ ᠬᠢᠨᠠᠨ ᠵᠦᠪᠰᠢᠶᠡᠷᠡᠭᠦᠯᠵᠦ ᠪᠠᠲᠤᠯᠠᠭᠤᠯᠬᠤ ᠪᠠᠷ ᠲᠥᠯᠥᠪᠯᠡᠵᠦ ᠪᠣᠶ᠃ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠦᠷᠢᠮ ᠤᠨ ᠶᠣᠰᠣᠭᠠᠷ ᠭᠤᠣᠯᠳᠠᠭᠤ ᠠᠶᠢᠯ ᠲᠣᠰᠬᠤᠨ ᠤ ᠬᠥᠭᠵᠢᠯᠲᠡ ᠶᠢᠨ ᠬᠠᠷᠠᠯᠲᠠ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠰᠠᠭᠤᠷᠢ ᠪᠡᠯᠡᠳᠬᠡᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠶᠢᠷᠢᠰᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠣᠷᠣᠨ ᠰᠠᠭᠤᠴᠠ ᠶᠢᠨ ᠪᠠᠶᠢᠷᠢᠰᠢᠭᠤᠯᠤᠯᠲᠠ᠂ ᠠᠶᠢᠯ ᠲᠣᠰᠬᠤᠨ ᠤ ᠠᠮᠤᠷ ᠲᠦᠪᠰᠢᠨ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠲᠠᠯ᠎ᠠ ᠠᠴᠠ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠬᠦᠯᠦᠨ᠎ᠡ᠂ ᠣᠳᠣᠬᠠᠨ ᠳᠤ ᠬᠤᠶᠠᠷ ᠲᠦᠷᠦᠯ ᠤᠨ ᠨᠡᠶᠢᠳᠡ 24 ᠲᠣᠰᠬᠤᠨ ᠤ ᠬᠢ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠰᠠᠭᠠᠯᠢᠴᠢᠨ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠤᠰᠬᠠᠢ ᠲᠥᠯᠦᠪᠵᠢᠭᠦᠯᠭᠡ  ᠨᠢ ᠣᠳᠣᠬᠠᠨ ᠳᠤ ᠨᠢᠭᠡᠨᠲᠡ ᠲᠤᠰᠬᠠᠢ ᠲᠥᠯᠦᠪᠵᠢᠭᠦᠯᠭᠡ ᠶᠢᠨ ᠳᠤᠮᠳᠠᠬᠢ ᠦᠷ᠎ᠡ ᠪᠦᠲᠦᠭᠡᠯ ᠢ ᠪᠡᠶᠡᠯᠡᠭᠦᠯᠵᠦ᠂ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰᠬᠠᠢ ᠮᠡᠷᠭᠡᠵᠢᠯᠲᠡᠨ ᠤ ᠦᠨᠡᠯᠡᠯᠲᠡ ᠶᠢ ᠳᠠᠭᠤᠰᠬᠠᠵᠤ᠂ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠮᠡᠳ ᠵᠡᠭᠦᠨ ᠬᠤᠰᠢᠭᠤᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠪᠠᠷ ᠲᠥᠯᠥᠪᠯᠡᠵᠦ ᠪᠣᠶ᠃ ᠰᠠᠭᠠᠯᠢᠴᠢᠨ ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠵᠢᠴᠢ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠣᠳᠣᠬᠠᠨ ᠳᠤ ᠳᠠᠭᠠᠭᠠᠴᠢᠯᠠᠯᠲᠠ ᠵᠠᠷᠯᠠᠬᠤ ᠰᠠᠨᠠᠮᠵᠢ ᠶᠢ ᠪᠡᠶᠡᠯᠡᠭᠦᠯᠵᠦ᠂ ᠡᠨᠡ ᠵᠢᠯ ᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠠᠶᠢᠷᠠᠭᠤᠯᠤᠨ ᠵᠣᠬᠢᠶᠠᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰᠬᠠᠢ ᠮᠡᠷᠭᠡᠵᠢᠯᠲᠡᠨ ᠢᠶᠠᠷ ᠦᠨᠡᠯᠡᠭᠦᠯᠵᠦ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠮᠡᠳ ᠵᠡᠭᠦᠨ ᠬᠤᠰᠢᠭᠤᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠪᠠᠷ ᠲᠥᠯᠥᠪᠯᠡᠵᠦ ᠪᠣᠶ᠃      ᠠᠮᠤᠷ ᠲᠦᠪᠰᠢᠨ᠂ ᠶᠠᠰᠤ ᠴᠢᠨᠠᠷ᠂ ᠠᠶᠤᠯ ᠲᠦᠭᠰᠢᠭᠦᠷᠢ᠂ ᠠᠷᠢᠭᠤᠨ ᠴᠢᠬᠡᠴᠢ ᠪᠠᠶᠢᠬᠤ ᠲᠦᠷᠪᠡᠨ ᠬᠤᠷᠢᠭ᠎ᠠ ᠱᠤᠭᠤᠮ ᠪᠠᠲᠤ ᠰᠠᠬᠢᠨ᠎ᠠ᠃ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠡᠨᠡ ᠵᠢᠯ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠪᠠ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠵᠢᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠭᠤᠨ ᠪᠥᠭᠡᠳ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠨ᠎ᠠ᠃ ᠶᠠᠰᠤ ᠴᠢᠨᠠᠷ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠮᠠᠨ ᠤ ᠲᠣᠪᠴᠢᠶ᠎ᠠ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠠᠵᠢᠯ ᠢ ᠲᠠᠰᠤᠷᠠᠯᠲᠠ ᠦᠭᠡᠢ ᠥᠷᠨᠢᠭᠦᠯᠵᠦ᠂ ᠭᠦᠨ ᠰᠠᠭᠤᠷᠢ ᠶᠢᠨ ᠨᠦᠬᠡ ᠲᠠᠢ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠦᠨ᠂ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠵᠤ᠂ ᠲᠦᠭᠦᠬᠡᠢ ᠮᠠᠲ᠋ᠧᠷᠢᠶᠠᠯ ᠪᠠ ᠪᠠᠷᠢᠯᠭ᠎ᠠ ᠶᠢᠨ ᠪᠣᠳᠠᠲᠤ ᠴᠣᠭᠴᠠ ᠶᠢ ᠰᠤᠭᠤᠴᠢᠨ  ᠪᠠᠶᠢᠴᠠᠭᠠᠬᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠤᠭᠰᠠᠷᠠᠬᠤ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠳᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠪᠠ᠃ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠠᠶᠢᠳᠠᠯ ᠢ ᠲᠣᠳᠣᠷᠬᠠᠢ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠦᠨ᠂ ᠬᠥᠯᠥᠰᠦᠨ ᠠᠵᠢᠯᠴᠢᠨ ᠤ ᠴᠠᠯᠢᠩ ᠤᠨ ᠦᠷᠢᠳᠦᠯ ᠢ ᠢᠯᠭᠠᠷᠠᠭᠤᠯᠬᠤ ᠠᠵᠢᠯ ᠢ ᠨᠢᠭᠡᠨ ᠴᠢᠬᠤᠯᠠ ᠤᠯᠤᠰ ᠲᠥᠷᠥ  ᠶᠢᠨ ᠡᠭᠦᠷᠭᠡ ᠪᠣᠯᠭᠠᠵᠤ᠂ ᠴᠠᠯᠢᠩ ᠥᠷᠢᠲᠦᠬᠦ ᠠᠰᠠᠭᠤᠳᠠᠯ ᠳᠤ ᠴᠢᠩᠭ᠎ᠠ  ᠬᠠᠨᠳᠤᠪᠠ᠃ ᠭᠡᠷ ᠬᠥᠷᠥᠩᠭᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠴᠤ᠂ ᠡᠷᠲᠡ ᠠᠴᠠ ᠵᠢᠭᠰᠠᠭᠠᠨ ᠪᠠᠶᠢᠴᠠᠭᠠᠬᠤ᠂ ᠡᠷᠲᠡ ᠠᠴᠠ ᠢᠯᠡᠷᠡᠭᠦᠯᠬᠦ᠂ ᠡᠷᠲᠡ ᠠᠴᠠ ᠰᠡᠷᠡᠮᠵᠢᠯᠡᠭᠦᠯᠬᠦ᠂ ᠡᠷᠲᠡ ᠠᠴᠠ ᠰᠢᠢᠳᠪᠦᠷᠢᠯᠡᠬᠦ ᠶᠢ ᠪᠡᠶᠡᠯᠡᠭᠦᠯᠵᠦ᠂ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠨᠢᠭᠡᠳᠦᠯᠲᠡᠢ ᠲᠥᠯᠥᠪᠵᠢᠭᠦᠯᠦᠨ ᠬᠠᠮᠲᠤᠷᠠᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠵᠠᠷᠴᠢᠮ ᠪᠠ ᠣᠪᠣᠷ ᠤᠨ ᠲᠠᠯ᠎ᠠ ᠪᠠᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠨᠠᠮ ᠤᠨ ᠰᠤᠷᠲᠠᠯ  ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠰᠤᠷᠲᠠᠯ ᠤᠨ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠲᠠᠶᠢᠨ ᠢ ᠰᠠᠶᠢᠲᠤᠷ ᠬᠢᠵᠦ᠂ ᠠᠷᠢᠭᠤᠨ ᠴᠢᠬᠡᠴᠢ ᠪᠠᠷ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠨ᠎ᠡ᠃      ᠰᠠᠭᠤᠷᠢ ᠪᠡᠯᠡᠳᠬᠡᠮᠵᠢ᠂ ᠠᠮᠢ ᠠᠬᠤᠢ ᠶᠢᠨ ᠣᠷᠴᠢᠨ ᠨᠥᠬᠦᠴᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠳᠤ ᠲᠦᠬᠦᠮ ᠦᠵᠡᠭᠦᠯᠬᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ ᠲᠠᠪᠤᠨ ᠶᠡᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠲᠦᠷᠦᠯ ᠳᠤ᠂ ᠡᠨᠡ ᠵᠢᠯ 6 ᠲᠦᠷᠦᠯ ᠤᠨ 33 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠤᠨ ᠢᠨᠵᠧᠨᠧᠷᠢᠩ ᠤᠨ ᠲᠠᠯ᠎ᠠ ᠪᠠᠷ᠂ ᠰᠠᠭᠠᠯᠢᠴᠢᠨ ᠤ 5 ᠲᠦᠮᠡᠨ ᠲᠣᠨ ᠤ ᠭᠠᠵᠠᠷ ᠤᠨ ᠭᠠᠳᠠᠷᠭᠤ ᠶᠢᠨ ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠢᠴᠢ 16 ᠵᠦᠢᠯ ᠤᠨ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ ᠶᠢᠨ ᠱᠤᠭᠤᠮ ᠤᠨ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ︔ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂  ᠰᠠᠭᠠᠯᠢᠴᠢᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠵᠢᠴᠢ ᠳᠠᠬᠢᠯᠲᠠ ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠤᠨ᠎ᠠ︔ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ 7 ᠵᠦᠢᠯ ᠤᠨ ᠴᠠᠬᠢᠯᠭᠠᠨ ᠬᠦᠴᠦ ᠭᠠᠳᠠᠭᠰᠢᠯᠠᠭᠤᠯᠬᠤ ᠬᠤᠭᠤᠯᠠᠢ ᠵᠢᠴᠢ ᠴᠠᠬᠢᠯᠭᠠᠨ ᠬᠤᠯᠪᠣᠭᠠᠨ ᠤ ᠬᠤᠭᠤᠯᠠᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠤᠨ᠎ᠠ︔ ᠢᠯᠴᠢ ᠶᠢᠨ ᠰᠤᠷᠪᠤᠯᠵᠢ ᠢᠯᠴᠢ ᠶᠢᠨ ᠲᠣᠣᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠲᠣᠭᠲᠠᠬᠤ ᠴᠠᠬᠢᠯᠭᠠᠨ ᠤ ᠦᠢᠯᠡᠳᠪᠦᠷᠢ ᠠᠴᠠ ᠰᠠᠭᠠᠯᠢᠴᠢᠨ ᠠᠵᠤ ᠦᠢᠯᠡᠳᠪᠦᠷᠢ ᠶᠢᠨ ᠲᠣᠭᠤᠷᠢᠭ ᠬᠦᠷᠬᠦ ᠢᠯᠴᠢ ᠬᠠᠩᠭᠠᠬᠤ ᠤᠷᠲᠤ ᠬᠤᠭᠤᠯᠠᠢ ᠶᠢᠨ ᠲᠣᠣᠷ ᠤᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠤᠨ᠎ᠠ︔ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ 5 ᠵᠦᠢᠯ ᠤᠨ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠱᠣᠩ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠠᠮᠢ ᠠᠬᠤᠢ ᠣᠷᠴᠢᠨ ᠨᠥᠬᠦᠴᠡᠯ ᠤᠨ ᠲᠥᠷᠥᠯ ᠳᠤ᠂ ᠡᠨᠡ ᠵᠢᠯ 2 ᠲᠥᠷᠥᠯ ᠤᠨ 3 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠲᠣᠰ ᠲᠣᠰ  ᠰᠠᠭᠠᠯᠢᠴᠢᠨ ᠤ ᠪᠣᠷᠣᠭᠠᠨ ᠤ ᠤᠰᠤ ᠶᠢ ᠳᠠᠷᠬᠠᠶ ᠭᠠᠳᠠᠭᠰᠢᠯᠠᠭᠤᠯᠬᠤ ᠶᠢ ᠵᠠᠰᠠᠬᠤ ᠢᠨᠵᠧᠨᠧᠷᠢᠩ᠂ 5 ᠬᠠᠷᠮᠠᠨ ᠴᠡᠴᠡᠷᠯᠢᠭ᠂ 2 ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠤᠣᠯ ᠰᠡᠳᠦᠪᠲᠦ ᠴᠡᠴᠡᠷᠯᠢᠭ ᠪᠣᠯᠣᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠷᠦᠯ ᠳᠤ᠂ ᠡᠨᠡ ᠵᠢᠯ 205 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠬᠤ ᠪᠠᠷ ᠲᠥᠯᠥᠪᠯᠡᠵᠦ ᠪᠠᠶᠢᠨ᠎ᠠ᠃ ᠵᠠᠮ ᠬᠠᠷᠢᠯᠴᠠᠭᠠᠨ ᠤ ᠲᠥᠬᠦᠮ ᠦᠵᠡᠭᠦᠯᠬᠦ ᠲᠥᠷᠥᠯ ᠳᠤ᠂ ᠡᠨᠡ ᠵᠢᠯ 2 ᠲᠥᠷᠥᠯ ᠤᠨ 24 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠰᠢᠨ᠎ᠡ ᠪᠠᠷ ᠦᠷᠭᠦᠯᠵᠢᠯᠡᠨ ᠪᠠᠶᠢᠭᠤᠯᠬᠤ ᠬᠥᠭᠦᠷᠭᠡ ᠶᠢᠨ ᠪᠠᠷᠢᠯᠭ᠎ᠠ ᠶᠢᠨ ᠲᠠᠯ᠎ᠠ ᠪᠠᠷ᠂   ᠶᠢᠨ ᠬᠠᠢ ᠵᠠᠮ ᠤᠨ ᠪᠠᠷᠠᠭᠤᠨᠰᠢ ᠦᠷᠭᠦᠯᠵᠢᠯᠡᠬᠦ ᠬᠡᠰᠡᠭ ᠪᠡᠶᠡᠯᠡᠭᠦᠯᠵᠦ᠂ 2 ᠰᠠᠯᠠᠭ᠎ᠠ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠎ᠡ︔ ᠰᠢᠨ᠎ᠡ ᠪᠠᠷ ᠦᠷᠭᠦᠯᠵᠢᠯᠡᠨ ᠪᠠᠶᠢᠭᠤᠯᠬᠤ ᠵᠠᠮ ᠤᠨ ᠢᠨᠵᠧᠨᠧᠷᠢᠩ ᠤᠨ ᠲᠠᠯ᠎ᠠ ᠪᠠᠷ᠂ 22 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠂ ᠡᠭᠦᠨ ᠳᠤ  ᠰᠠᠭᠠᠯᠢᠴᠢᠨ ᠤ ᠠᠵᠤ ᠦᠢᠯᠡᠳᠪᠦᠷᠢ ᠶᠢᠨ ᠲᠣᠭᠤᠷᠢᠭ ᠤᠨ 15 ᠵᠤᠷᠪᠤᠰ᠂ ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ 6 ᠵᠤᠷᠪᠤᠰ᠂ ᠴᠠᠭᠠᠨ  ‍ᠣᠪᠤᠷᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ 1 ᠵᠤᠷᠪᠤᠰ ᠪᠠᠭᠲᠠᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠳᠤ᠂ ᠡᠨᠡ ᠵᠢᠯ ᠢ ᠲᠠᠢ ᠬᠤᠸᠠ ᠹᠦ᠋ ᠶᠦᠨ ᠰᠢ᠂ ᠷᠦ᠋ ᠢ ᠱᠢ ᠵᠢᠶᠠ᠂ ᠯᠢᠨ ᠵᠢᠶᠠᠩ ᠲᠠᠯᠠᠪᠠᠶ᠂ ᠵᠥᠩ ᠢᠦᠢ ᠲᠠᠯᠠᠪᠠᠶ᠂ ᠵᠥᠩ ᠳ᠋ᠦᠸᠧ ᠲᠥᠪ ᠵᠡᠷᠭᠡ 5 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃      ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠳᠠᠮᠵᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 2023 ᠣᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠠᠭᠤᠷᠢ ᠪᠡᠯᠡᠳᠬᠡᠮᠵᠢ᠂ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠤᠲᠠ ᠶᠢ ᠰᠢᠨᠡᠳᠬᠡᠨ ᠥᠭᠡᠷᠡᠴᠢᠯᠡᠬᠦ᠂ ᠵᠠᠮ ᠬᠠᠷᠢᠯᠴᠠᠭᠠᠨ ᠤ ᠲᠥᠬᠦᠮ ᠦᠵᠡᠭᠦᠯᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ 5 ᠲᠠᠯ᠎ᠠ ᠶᠢᠨ ᠲᠣᠭᠤᠷᠢᠨ ᠳᠤ 70 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠬᠦᠯᠦᠨ᠎ᠡ᠃ ᠡᠭᠦᠨ ᠤ ᠳᠣᠲᠣᠷ᠎ᠠ 14 ᠵᠦᠢᠯ ᠢ ᠦᠷᠭᠦᠯᠵᠢᠯᠡᠨ ᠪᠠᠶᠢᠭᠤᠯᠵᠤ᠂ 1 ᠵᠦᠢᠯ ᠢ ᠪᠡᠯᠡᠳᠭᠡᠮᠵᠦ᠂ 3 ᠵᠦᠢᠯ ᠢ ᠥᠭᠡᠷᠡᠴᠢᠯᠡᠵᠦ᠂ 52 ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠪᠡᠯᠡ ᠣᠷᠤᠭᠤᠯᠤᠯᠲᠠ 251 ᠳ᠋ᠦᠩᠰᠢᠭᠤᠷ ᠲᠥᠭᠦᠷᠢᠭ ᠬᠦᠷᠦᠨ᠎ᠡ᠃ 4 ᠳ᠋ᠤᠭᠡᠷ ᠰᠠᠷ᠎ᠠ ᠶᠢᠨ ᠡᠴᠦᠰ ᠪᠣᠯᠲᠠᠯ᠎ᠠ ᠨᠢᠭᠡᠨᠲᠡ 18 ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ 4.24 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃      ᠠ ᠲᠧ ᠰᠧ᠂ ᠵᠧᠩ ᠲᠠᠢ ᠴᠠᠬᠢᠯᠭᠠᠨ ᠬᠡᠷᠡᠭᠰᠡᠯ᠂ ᠭᠦᠸᠧ ᠵᠢᠶᠠ ᠨᠠᠨᠤᠮᠧᠲᠷ᠂ ᠬᠤᠸᠠ ᠶᠣᠣ ᠶᠢᠨ ᠭᠤᠷᠪᠠᠳᠤᠭᠠᠷ ᠬᠤᠭᠤᠴᠠᠭ᠎ᠠ᠂ ᠹᠦ᠋ ᠮᠢᠩ ᠰᠢᠨ᠎ᠡ ᠡᠨᠧᠷᠭᠢ ᠵᠡᠷᠭᠡ ᠲᠥᠷᠥᠯ ᠵᠦᠢᠯ ᠤᠨ ᠲᠣᠭᠤᠷᠢᠨ ᠳᠤ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠠᠶᠢᠲᠤᠷ ᠬᠢᠵᠦ᠂ ᠲᠥᠷᠥᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ᠂ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃      ᠬᠦᠷᠢᠶᠡᠯᠡᠩ ᠲᠣᠭᠤᠷᠢᠭ ᠤᠨ ᠢᠯᠴᠢ᠂ ᠰᠢᠲᠠᠮᠠᠬᠠᠢ ᠬᠡᠢ᠂ ᠴᠠᠬᠢᠯᠭᠠᠨ᠂ ᠬᠡᠢ ᠬᠠᠩᠭᠠᠬᠤ᠂ ᠴᠢᠮᠡᠭᠡ ᠬᠤᠯᠪᠣᠭ᠎ᠠ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠠᠵᠢᠯ ᠲᠥᠷᠥᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠦᠷᠢᠶᠡᠯᠡᠩ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠰᠦᠢᠳᠬᠡᠯ ᠬᠤᠷᠢᠶᠠᠬᠤ ᠶᠢ ᠵᠢᠷᠤᠮᠵᠢᠭᠤᠯᠵᠤ᠂ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢᠨ ᠲᠤᠰᠠᠳᠠ᠂ ᠵᠢᠯ ᠤᠨ ᠡᠬᠢᠨ ᠳᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠵᠣᠬᠢᠴᠠᠭᠤᠯᠤᠨ᠂ ᠰᠠᠭᠠᠯᠢᠴᠢᠨ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠵᠢᠴᠢ ᠢᠯᠴᠢ ᠬᠠᠩᠭᠠᠬᠤ᠂ ᠬᠡᠢ ᠬᠠᠩᠭᠠᠬᠤ ᠦᠨ᠎ᠡ ᠬᠠᠩᠰᠢ ᠶᠢ ᠲᠣᠭᠲᠠᠭᠠᠬᠤ ᠠᠵᠢᠯ ᠢ  ᠪᠡᠶᠡᠯᠡᠭᠦᠯᠪᠡ᠃ ᠡᠭᠦᠨ ᠤ ᠬᠠᠮᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠢᠳᠡᠪᠬᠢᠲᠡᠢ ᠵᠣᠬᠢᠴᠠᠭᠤᠯᠵᠤ ᠪᠠᠶᠢᠭᠠᠳ ᠬᠦᠷᠢᠶᠡᠯᠡᠩ ᠲᠣᠭᠤᠷᠢᠭ ᠲᠤ ᠢᠯᠴᠢ ᠬᠠᠩᠭᠠᠬᠤ ᠪᠠ ᠨᠡᠭᠦᠷᠡᠰᠦ ᠬᠠᠩᠭᠠᠬᠤ ᠪᠠᠷ ᠴᠢᠷᠮᠠᠶᠢᠨ᠎ᠠ᠃      ᠬᠥᠲᠥᠯᠥᠭᠴᠢ᠄      ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠠᠮᠵᠢᠯᠲᠠ ᠣᠯᠪᠠ᠂ ᠲᠠᠷᠠᠭᠠᠴᠢ ᠶᠢᠨ ᠠᠯᠬᠤᠮ ᠤᠨ ᠠᠵᠢᠯ ᠳᠤ ᠶᠠᠮᠠᠷ ᠶᠠᠮᠠᠷ ᠲᠥᠯᠥᠪᠯᠡᠭᠡ ᠲᠠᠢ ᠪᠣᠶ︖      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠸᠠᠩ ᠫᠧᠩ ᠶᠧ᠄      ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠮᠠᠰᠢ ᠣᠯᠠᠨ᠂ ᠬᠠᠷᠢᠭᠤᠴᠠᠯᠭ᠎ᠠ ᠬᠦᠨᠳᠦ ᠶᠡᠭᠡ᠃ ᠪᠢᠳᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠵᠥᠪ ᠣᠨᠣᠪᠴᠢᠲᠠᠶ ᠤᠳᠤᠷᠢᠳᠤᠯᠭ᠎ᠠ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠤᠳᠤᠷᠢᠳᠬᠤ ᠪᠠᠭ ᠤᠨ ᠪᠦᠬᠦᠯᠢ ᠴᠣᠭᠴᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠺᠠᠳ᠋ᠷ ᠠᠵᠢᠯᠲᠠᠨ ᠠᠵᠢᠯᠴᠢᠨ ᠤ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠦᠭᠵᠢᠭᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ᠂ ᠯᠠᠪᠳᠠᠭᠤᠨ ᠪᠠᠲᠤᠲᠠᠢ  ᠠᠵᠢᠯᠯᠠᠨ᠎ᠠ᠃ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠢᠳᠡᠪᠬᠢᠲᠡᠢ ᠲᠣᠬᠢᠷᠠᠭᠤᠯᠵᠤ᠂ ᠡᠯ᠎ᠡ ᠪᠠᠷᠢᠯᠭ᠎ᠠ ᠶᠢᠨ ᠨᠢᠭᠡᠴᠡ ᠯᠦᠭᠡ ᠬᠠᠮᠲᠤ ᠪᠠᠷ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠪᠠᠷ ᠴᠢᠷᠮᠠᠶᠢᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠲᠦᠯᠬᠢᠨ  ᠠᠬᠢᠭᠤᠯᠤᠨ᠎ᠠ᠃      ᠬᠠᠮᠢᠶᠠᠷᠤᠭᠴᠢ᠄      ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠸᠠᠩ ᠫᠧᠩ ᠶᠧ ᠨᠥᠬᠦᠷ ᠲᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠪᠠ ᠣᠷᠤᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠠᠶᠠᠷᠯᠠᠯ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号