6 ᠰᠠᠷ᠎ᠠ ᠶᠢᠨ 7 ᠤ ᠡᠳᠦᠷ᠂ ᠮᠠᠨ ᠤ ᠰᠢᠶᠠᠨ ᠤᠳᠤᠷᠢᠳᠬᠤ ᠺᠠᠳ᠋ᠷᠴᠤᠳ ᠤᠨ ᠪᠣᠳᠠᠲᠤ ᠳᠠᠶᠢᠨ ᠤ | ᠬᠢᠴᠢᠶᠡᠯ ᠤᠨ ᠲᠠᠩᠬᠢᠮ ᠡᠷᠭᠢᠯᠡᠵᠦ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ︽ | ᠨᠢᠭᠡᠳᠦᠭᠡᠷ ᠭᠠᠷ︾ ᠢ ᠶᠠᠷᠢᠶᠠᠨ ᠤ ᠲᠠᠪᠴᠠᠩ ᠳᠤ ᠭᠠᠷᠭᠠᠵᠤ᠂ ᠲᠤᠬᠠᠶᠢᠯᠠᠭᠰᠠᠨ ᠠᠵᠢᠯ ᠤᠨ ᠲᠥᠷᠥ ᠶᠢᠨ | ᠪᠣᠳᠣᠯᠭ᠎ᠠ ᠶᠢ ᠶᠠᠷᠢᠭᠤᠯᠵᠤ᠂ ᠣᠯᠤᠯᠲᠠ ᠲᠥᠷᠥᠭᠳᠡᠯ ᠶᠠᠷᠢᠭᠤᠯᠵᠤ᠂ ᠠᠵᠢᠯ ᠤᠨ ᠰᠠᠨᠠᠭᠤᠯᠭ᠎ᠠ ᠳᠤᠷᠠᠳᠤᠭᠤᠯᠬᠤ ᠪᠠᠷ | ᠳᠣᠭᠢᠷᠠᠭᠤᠯᠤᠨ᠂ ᠦᠨᠳᠦᠰᠦᠨ ᠱᠠᠲᠤᠨ ᠤ ᠺᠠᠳ᠋ᠷᠴᠤᠳ ᠤᠨ ᠰᠤᠳᠤᠯᠤᠨ ᠰᠡᠳᠬᠢᠬᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ᠂ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠬᠡᠪ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠠᠶᠠᠨ ᠵᠠᠮ ᠳᠠᠭᠠᠨ ᠡᠷᠡᠯᠬᠡᠭᠯᠡᠨ | ᠲᠡᠮᠡᠴᠡᠵᠦ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠵᠠᠶ᠂ ᠲᠣᠰ ᠤᠳᠠᠭᠠᠨ ᠤ | ᠬᠢᠴᠢᠶᠡᠯ ᠤᠨ ᠲᠠᠩᠬᠢᠮ ᠪᠣᠯ ᠨᠢᠭᠡᠳᠦᠭᠡᠷ ᠭᠠᠷ ᠠᠳᠬᠤᠵᠤ᠂ ᠨᠢᠭᠡᠳᠦᠭᠡᠷ ᠭᠠᠷ ᠢ ᠠᠳᠬᠤᠬᠤ ᠨᠢᠭᠡ ᠤᠳᠠᠭᠠᠨ ᠤ | ᠪᠣᠳᠠᠲᠤ ᠳᠠᠶᠢᠨ ᠤ ᠰᠣᠷᠢᠯᠲᠠ ᠪᠣᠯᠤᠨ᠎ᠠ᠃ | ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠬᠤᠷᠠᠯ ᠳᠤ ᠣᠷᠣᠯᠴᠠᠭᠰᠠᠨ ᠪᠥᠭᠡᠳ ᠠᠩᠭᠢ | ᠡᠬᠢᠯᠡᠬᠦ ᠶᠠᠷᠢᠶ᠎ᠠ ᠲᠠᠯᠪᠢᠪᠠ᠃ | | | | | ᠬᠤᠷᠠᠯ ᠳᠡᠭᠡᠷ᠎ᠡ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠹᠠᠨ ᠭᠦᠸᠧ ᠵᠢᠶᠦ᠋ᠨ ︽ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠪᠣᠯ ᠵᠠᠩᠭᠢᠯᠠᠭ᠎ᠠ ᠪᠣᠯᠤᠨ᠎ᠠ︾ ᠭᠡᠳᠡᠭ ᠢᠶᠠᠷ ᠭᠤᠣᠯ | ᠰᠡᠳᠦᠪ ᠪᠣᠯᠭᠠᠵᠤ᠂ ︽ᠭᠤᠣᠯ ᠬᠠᠷᠢᠭᠤᠴᠠᠯᠭ᠎ᠠ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠥᠨᠳᠥᠷ | ᠪᠠᠷᠢᠮᠵᠢᠶ᠎ᠠ ᠪᠠᠷ ᠡᠭᠦᠷᠭᠡ ᠪᠠᠨ ᠪᠡᠶᠡᠯᠡᠭᠦᠯᠬᠦ᠂ ᠭᠠᠷᠳᠠᠮ ᠢ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ | ᠥᠨᠳᠥᠷ ᠲᠦᠪᠰᠢᠨ ᠢᠶᠠᠷ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠤᠨ ᠠᠵᠤ ᠠᠬᠤᠢ ᠶᠢᠨ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠬᠦ︾ ᠭᠤᠷᠪᠠᠨ ᠲᠠᠯ᠎ᠠ ᠶᠢᠨ ᠲᠣᠭᠤᠷᠢᠨ ᠳᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠂ | ᠬᠠᠷᠠᠯᠲᠠᠲᠤ ᠡᠭᠦᠷᠭᠡ᠂ ᠲᠥᠷᠥᠯ ᠵᠦᠢᠯ ᠢ ᠭᠦᠢᠴᠡᠳᠬᠡᠬᠦ᠂ ᠭᠦᠢᠴᠡᠳᠬᠡᠯ ᠲᠤᠭ᠎ᠠ ᠶᠢ ᠲᠠᠶᠢᠯᠪᠤᠷᠢᠯᠠᠬᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠠᠭᠤᠯᠭ᠎ᠠ ᠳᠤ ᠭᠦᠨᠵᠡᠭᠡᠶ ᠨᠠᠷᠢᠨ ᠲᠠᠶᠢᠯᠤᠮᠵᠢ ᠬᠢᠵᠦ᠂ | ᠣᠳᠣᠬᠢᠴᠢᠯᠠᠭᠰᠠᠨ ᠬᠤᠷᠢᠨᠭᠡᠷ ᠤᠨ ᠪᠥᠲᠥᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ | ᠡᠭᠦᠷᠭᠡ᠂ ᠰᠢᠨ᠎ᠡ ᠥᠷᠢᠰᠥᠯᠳᠦᠭᠡᠨ ᠢ ᠵᠠᠳᠠᠯᠪᠠ᠃ | ᠬᠤᠷᠠᠯ ᠠᠴᠠ᠂ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠨᠠᠮ ᠳᠠᠭᠠᠨ ᠦᠨᠡᠨᠴᠢ | ᠰᠢᠳᠤᠷᠭᠤ ᠰᠠᠶᠢᠨ ᠺᠠᠳ᠋ᠷ ᠪᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠠᠷᠢᠴᠠᠭᠤᠯᠤᠨ ᠢᠯᠡᠳᠬᠡᠵᠦ᠂ ᠦᠵᠡᠯ ᠰᠠᠨᠠᠭ᠎ᠠ ᠤᠯᠤᠰ | ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠵᠥᠪ | ᠡᠵᠡᠮᠳᠡᠵᠦ᠂ ︽ᠬᠤᠶᠠᠷ ᠢ ᠲᠤᠭᠲᠠᠭᠠᠭᠰᠠᠨ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠠᠰᠤᠷᠠᠯᠲᠠ ᠦᠭᠡᠢ ᠠᠳᠠᠯᠢᠳᠬᠠᠨ ᠰᠤᠷᠤᠯᠴᠠᠵᠤ ᠭᠦᠢᠴᠡᠨ | ᠳᠠᠪᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠨ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠲᠥᠪ ᠴᠢᠩᠭ᠎ᠠ ᠭᠦᠨ ᠭᠦᠨᠵᠡᠭᠡᠢ ᠤᠯᠤᠰ | ᠲᠦᠷᠦ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ︔ ᠴᠢᠳᠠᠪᠤᠷᠢ ᠬᠡᠪ ᠴᠢᠨᠠᠷ ᠢᠶᠠᠨ ᠳᠡᠭᠡᠭᠰᠢᠯᠡᠭᠦᠯᠵᠦ᠂ | ᠬᠡᠪ ᠴᠢᠨᠠᠷ ᠢᠶᠠᠷ ᠰᠢᠯᠢᠳᠡᠭ ᠰᠠᠶᠢᠨ ᠰᠠᠶᠢᠨ ᠺᠠᠳ᠋ᠷ ᠪᠤᠯᠵᠤ᠂ ᠬᠠᠷᠢᠴᠠᠭᠤᠯᠤᠯ ᠤᠨ ᠳᠤᠮᠳᠠ ᠵᠦᠷᠢᠶ᠎ᠡ ᠪᠠᠨ | ᠣᠨᠣᠪᠴᠢᠲᠠᠢ ᠣᠯᠵᠤ᠂ ᠳᠡᠭᠡᠭᠰᠢᠯᠡᠭᠦᠯᠬᠦ ᠳᠤᠮᠳᠠ ᠬᠠᠷᠠᠯᠲᠠ ᠪᠠᠨ ᠲᠣᠭᠲᠠᠭᠠᠵᠤ᠂ ︽ᠤᠯᠤᠰ ᠲᠦᠷᠦ ᠶᠢ ᠡᠷᠬᠢᠮᠯᠡᠬᠦ᠂ | ᠲᠥᠪ ᠭᠤᠣᠯᠴᠢ ᠶᠢ ᠴᠢᠬᠤᠯᠠᠴᠢᠯᠠᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠶᠢᠨ︾ | ᠤᠳᠤᠷᠢᠳᠬᠤ ᠺᠠᠳ᠋ᠷ ᠪᠣᠯᠬᠤ ᠪᠠᠷ ᠴᠢᠷᠮᠠᠶᠢᠵᠤ᠂ ︽ᠴᠢᠳᠠᠪᠤᠷᠢ ᠪᠠᠨ ᠳᠡᠭᠡᠭᠰᠢᠯᠡᠭᠦᠯᠬᠦ᠂ ᠠᠵᠢᠯ ᠢᠶᠠᠨ ᠲᠦᠷᠭᠡᠳᠬᠡᠬᠦ︾ | ᠬᠠᠷᠠᠯᠲᠠ ᠶᠢ ᠪᠡᠶᠡᠯᠡᠭᠦᠯᠬᠦ ᠬᠡᠷᠡᠭᠲᠡᠢ︔ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠪᠣᠳᠠᠲᠠᠢ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠰᠠᠶᠢᠨ ᠺᠠᠳ᠋ᠷ ᠪᠤᠯᠵᠤ᠂ ᠲᠡᠭᠦᠨ ᠤ ᠪᠠᠶᠢᠷᠢᠨ ᠳᠤ ᠪᠠᠶᠢᠪᠠᠯ ᠲᠡᠭᠦᠨ ᠤ | ᠠᠵᠢᠯ ᠢ ᠬᠢᠬᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠦᠭᠡ ᠪᠠᠨ | ᠲᠣᠳᠣᠷᠬᠠᠢ ᠶᠠᠷᠢᠬᠤ᠂ ᠤᠴᠢᠷ ᠶᠠᠪᠤᠳᠠᠯ ᠢ ᠲᠣᠳᠣᠷᠬᠠᠢ ᠬᠢᠬᠦ ᠶᠠᠪᠤᠴᠠ ᠳᠤ ᠴᠢᠳᠠᠪᠤᠷᠢ ᠪᠠᠨ ᠪᠣᠯᠪᠠᠰᠤᠷᠠᠭᠤᠯᠵᠤ᠂ | ᠴᠢᠳᠠᠪᠤᠷᠢ ᠪᠠᠨ ᠳᠡᠭᠡᠭᠰᠢᠯᠡᠭᠦᠯᠵᠦ᠂ ᠦᠷ᠎ᠡ ᠪᠦᠲᠦᠮᠵᠢ ᠭᠠᠷᠭᠠᠵᠤ᠂ ᠰᠢᠶᠠᠨ ᠤ ᠬᠡᠪᠴᠢᠶᠡᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠨᠢᠭᠡᠴᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠣᠷᠣᠯᠴᠠᠵᠠᠢ᠃ | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ |