ᠬᠠᠷᠢᠶᠠᠲᠤ ᠣᠷᠣᠨ ᠤ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ | ᠠᠵᠢᠯ ᠲᠥᠷᠥᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠷᠤᠮᠵᠢᠭᠰᠠᠨ ᠡᠮᠬᠢ ᠵᠢᠷᠤᠮ ᠲᠠᠢ | ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠣᠶᠢᠷ᠎ᠠ ᠳᠤ᠂ ᠬᠤᠷᠢᠨᠭᠡᠷ ᠰᠢᠶᠠᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠶᠠᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠶᠢᠨ ᠣᠷᠴᠢᠨ | ᠨᠥᠬᠦᠴᠡᠯ ᠤᠨ ᠬᠤᠪᠢᠶᠠᠷᠢ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ ᠲᠠᠢ ᠬᠠᠮᠵᠢᠯᠴᠠᠨ ᠮᠠᠨ ᠤ ᠰᠢᠶᠠᠨ ᠤ | ᠴᠧᠩ ᠭᠤᠸᠠᠨ ᠪᠠᠯᠭᠠᠰᠤ᠂ ᠱᠧᠩ ᠯᠧ ᠪᠠᠯᠭᠠᠰᠤ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠱᠠᠪᠠᠭ᠋ᠠᠢ | ᠰᠢᠶᠠᠩ ᠳᠤ ᠭᠦᠨᠵᠡᠭᠡᠶᠢᠷᠡᠨ ᠬᠠᠶᠠᠭᠳᠠᠮᠠᠯ ᠮᠠᠰᠢᠨᠲᠤ ᠲᠡᠷᠭᠡ ᠶᠢ ᠬᠤᠷᠢᠶᠠᠨ ᠠᠪᠴᠤ ᠵᠠᠳᠠᠯᠬᠤ ᠲᠤᠰᠬᠠᠶ | ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠪᠠᠶᠢᠴᠠᠭᠠᠯᠲᠠ ᠶᠢᠨ ᠳᠤᠮᠳᠠ᠂ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠠᠵᠢᠯᠲᠠᠨ ᠬᠠᠶᠠᠭᠳᠠᠮᠠᠯ ᠮᠠᠰᠢᠨᠲᠤ | ᠲᠡᠷᠭᠡ ᠶᠢ ᠬᠠᠤᠯᠢ ᠪᠤᠰᠤ ᠪᠠᠷ ᠬᠤᠷᠢᠶᠠᠨ ᠠᠪᠤᠭᠰᠠᠨ᠂ ᠵᠠᠳᠠᠯᠤᠭᠰᠠᠨ᠂ ᠰᠠᠷᠢᠭᠠᠯᠠᠭᠰᠠᠨ ᠪᠦᠬᠦᠯᠢ ᠲᠡᠷᠭᠡᠨ ᠤ ᠪᠠᠶᠢᠳᠠᠯ | ᠪᠠ ᠨᠡᠶᠢᠯᠡᠭᠦᠯᠵᠦ ᠠᠴᠢᠶᠠᠯᠠᠭᠰᠠᠨ ᠲᠡᠷᠭᠡ ᠵᠢᠴᠢ ᠬᠠᠶᠠᠭᠳᠠᠮᠠᠯ ᠮᠠᠰᠢᠨᠲᠤ ᠲᠡᠷᠭᠡ ᠶᠢᠨ ︽ᠲᠠᠪᠤᠨ ᠶᠡᠭᠡ ᠶᠡᠷᠦᠩᠬᠡᠶ | ᠪᠦᠲᠦᠴᠡ︾ ᠶᠢᠨ ᠦᠵᠡᠭᠳᠡᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ | ᠵᠡᠷᠭᠡ ᠳᠤ᠂ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠠᠵᠢᠯᠲᠠᠨ ᠴᠢᠬᠤᠯᠠᠴᠢᠯᠠᠬᠤ ᠳᠠᠭᠠᠨ᠂ ᠡᠵᠡᠩᠨᠡᠭᠴᠢ | ᠬᠠᠷᠢᠭᠤᠴᠠᠯᠭ᠎ᠠ ᠶᠢᠨ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ | ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠠᠤᠯᠢ ᠲᠣᠭᠲᠠᠭᠠᠯ ᠶᠣᠰᠣᠭᠠᠷ ᠡᠵᠡᠩᠨᠡᠵᠦ᠂ ᠬᠡᠷᠡᠭᠯᠡᠭᠡᠨ ᠠᠴᠠ | ᠭᠠᠷᠭᠠᠭᠰᠠᠨ ᠮᠠᠰᠢᠨᠲᠤ ᠲᠡᠷᠭᠡ ᠶᠢ ᠬᠤᠷᠢᠶᠠᠨ ᠠᠪᠴᠤ ᠵᠠᠳᠠᠯᠬᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠶ ᠭᠡᠵᠡᠶ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠦᠷᠭᠦᠯᠵᠢᠯᠡᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠶᠠᠭᠳᠠᠮᠠᠯ ᠮᠠᠰᠢᠨᠲᠤ ᠲᠡᠷᠭᠡ ᠶᠢ | ᠬᠤᠷᠢᠶᠠᠨ ᠠᠪᠴᠤ ᠵᠠᠳᠠᠯᠬᠤ ᠱᠠᠲᠤᠨ ᠤ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠬᠤᠷᠢᠨᠭᠡᠷ ᠰᠢᠶᠠᠨ ᠤ ︽ᠬᠠᠶᠠᠭᠳᠠᠮᠠᠯ ᠥᠬᠡᠶ ᠬᠤᠲᠠ︾ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ |