7 ᠳ᠋ᠤᠭᠠᠷ ᠰᠠᠷ᠎ᠠ ᠶᠢᠨ 15 ᠤ ᠦᠳᠡ ᠶᠢᠨ ᠡᠮᠦᠨ᠎ᠡ᠂ ᠶᠢᠰᠦᠳᠦᠭᠡᠷ ᠬᠤᠭᠤᠴᠠᠭᠠᠨ ᠤ ᠳᠤᠮᠳᠠᠳᠤ ᠣᠷᠣᠰ | ᠮᠣᠩᠭᠤᠯ ᠤᠨ ᠣᠯᠠᠨ ᠤᠯᠤᠰ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠵᠢᠴᠢ ᠬᠥᠬᠡᠬᠤᠲᠠ ᠶᠢᠨ ᠠᠮᠲᠠᠲᠤ | ᠢᠳᠡᠭᠡᠨ ᠤ ᠦᠵᠡᠰᠬᠦᠯᠡᠩ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠶᠡᠭᠡ ᠵᠣᠣ ᠠᠭᠤᠳᠠᠮ | ᠲᠠᠯᠠᠪᠠᠶ ᠳᠤ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠵᠣᠴᠢᠳ ᠤᠨ ᠪᠠᠭᠤᠳᠠᠯ ᠤᠨ ᠨᠡᠶᠢᠭᠡᠮᠯᠢᠭ ᠠᠴᠠ | ᠬᠥᠬᠡᠬᠤᠲᠠ ᠳᠤ ︽ᠭᠠᠵᠠᠷ ᠣᠷᠣᠨ ᠤ ᠣᠨᠴᠠᠯᠢᠭᠲᠤ ᠠᠮᠲᠠᠲᠤ ᠢᠳᠡᠭᠡᠨ ᠤ ᠬᠤᠲᠠ︾ ᠶᠢᠨ ᠢᠷᠠᠭᠤ ᠠᠯᠳᠠᠷ ᠤᠨ | ᠴᠣᠯᠠ ᠪᠠ ᠪᠥᠬᠦ ᠤᠯᠤᠰ ᠤᠨ ᠠᠩᠬᠠᠳᠠᠭᠴᠢ ︽ᠮᠣᠩᠭᠤᠯ ᠬᠤᠭᠤᠯᠠᠨ ᠤ ᠭᠠᠵᠠᠷ ᠣᠷᠣᠨ ᠤ ᠣᠨᠴᠠᠯᠢᠭᠲᠤ ᠠᠮᠲᠠᠲᠤ | ᠢᠳᠡᠭᠡᠨ ᠤ ᠬᠤᠲᠠ︾ ᠶᠢᠨ ᠴᠣᠯᠠ ᠣᠯᠭᠤᠪᠠ︔ ᠬᠥᠬᠡᠬᠤᠲᠠ ᠲᠦᠷᠦᠭᠦᠦ ᠪᠦᠯᠦᠭ ᠬᠥᠬᠡᠬᠤᠲᠠ ᠶᠢᠨ ︽ᠠᠷᠪᠠᠨ | ᠶᠡᠭᠡ ᠱᠣᠣᠮᠠᠢ ᠶᠢᠨ ᠳᠡᠯᠭᠡᠭᠦᠷ︾᠂ ︽ᠨᠠᠢᠮᠠᠨ ᠶᠡᠭᠡ ᠠᠮᠲᠠᠲᠤ ᠢᠳᠡᠭᠡᠨ ᠤ ᠵᠡᠭᠡᠯᠢ︾᠂ ︽ᠨᠠᠢᠮᠠᠨ ᠶᠡᠭᠡ ᠤᠯᠠᠭᠠᠨ | ᠠᠷᠢᠬᠢ ᠦᠨᠡᠯᠡᠬᠦ ᠳᠡᠯᠭᠡᠭᠦᠷ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ︔ ᠭᠢᠨᠢᠰ ᠤᠨ ᠳᠡᠯᠡᠬᠡᠢ ᠶᠢᠨ | ᠲᠡᠮᠳᠡᠭᠯᠡᠯ ᠤᠨ ᠭᠡᠷᠡᠴᠢᠯᠡᠭᠴᠢ ᠠᠴᠠ ︽ᠢ ᠵᠢᠶᠠ ᠰᠠᠶᠢᠨ ᠪᠢᠰᠢᠯᠠᠭ ᠭᠢᠨᠢᠰ ᠤᠨ ᠳᠡᠯᠡᠬᠡᠢ ᠶᠢᠨ ᠲᠡᠮᠳᠡᠭᠯᠡᠯ ᠢ | ᠦᠷᠢᠰᠦᠯᠳᠦᠨ ᠠᠮᠵᠢᠯᠲᠠ ᠣᠯᠣᠭᠰᠠᠨ︾ ᠢ ᠵᠠᠷᠯᠠᠪᠠ᠃ | ᠢᠷᠡᠬᠦ 8 ᠡᠳᠦᠷ ᠤᠨ ᠬᠤᠭᠤᠴᠠᠭᠠᠨ ᠳᠤ᠂ ᠠᠮᠲᠠᠲᠤ ᠢᠳᠡᠭᠡᠨ ᠤ ᠨᠠᠶᠢᠷ ᠨᠢ ᠠᠯᠢ ᠣᠯᠠᠨ ᠰᠣᠯᠢᠯᠴᠠᠭᠠᠨ ᠤ | ᠴᠤᠭᠯᠠᠭᠠᠨ᠂ ᠶᠠᠷᠢᠯᠴᠠᠭᠠᠨ ᠤ ᠲᠠᠪᠴᠠᠩ᠂ ᠲᠠᠶᠢᠰᠠᠨ ᠤ ᠤᠷᠤᠯᠳᠤᠭᠠᠨ᠂ ᠦᠷᠢᠰᠦᠯᠳᠦᠭᠡᠨ᠂ ᠬᠡᠷᠡᠯ ᠵᠢᠷᠤᠭ ᠤᠨ | ᠦᠵᠡᠰᠬᠦᠯᠡᠩ᠂ ᠣᠨᠴᠠᠯᠢᠭᠲᠤ ᠢᠳᠡᠭᠡᠨ ᠤ ᠨᠠᠶᠢᠷ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠤᠯᠤᠰ ᠤᠨ ᠡᠯ᠎ᠡ | ᠭᠠᠵᠠᠷ ᠤᠨ ᠣᠯᠠᠨ ᠲᠥᠷᠥᠯ ᠵᠦᠢᠯ ᠪᠦᠬᠦᠢ ᠣᠷᠣᠨ ᠨᠤᠲᠤᠭ ᠤᠨ ᠣᠨᠴᠠᠯᠢᠭᠲᠤ ᠠᠮᠲᠠᠲᠤ ᠢᠳᠡᠭᠡᠨ ᠢ ᠭᠦᠢᠴᠡᠳ | ᠳᠡᠯᠭᠡᠨ ᠦᠵᠡᠭᠦᠯᠬᠦ ᠪᠣᠯᠣᠨ᠎ᠠ᠃ ︵ᠰᠤᠷᠪᠤᠯᠵᠢᠯᠠᠭᠴᠢ ᠯᠢᠦ ᠶᠠᠩ︶ | |