ᠬᠤᠷᠢᠨᠭᠡᠷ ᠰᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠵᠥᠪᠳᠡᠯᠴᠡᠬᠡᠷ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/7/5
     6 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠥᠪᠥᠷ ᠮᠣᠩᠭᠤᠯ ᠤᠨ ᠵᠧᠩ ᠨᠢᠦ ᠤᠨ4 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ︾ ᠶᠢ ᠰᠤᠳᠤᠯᠤᠨ ᠬᠢᠨᠠᠨ ᠵᠥᠪᠯᠡᠪᠡ᠃ ᠮᠧᠩ ᠨᠢᠦ ᠪᠦᠯᠦᠭᠯᠡᠯ᠂ ᠵᠧᠩ ᠶᠤᠸᠠᠨ ᠺᠣᠮᠫᠠᠨᠢ ᠵᠢᠴᠢ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠮᠡᠷᠭᠡᠵᠢᠯ᠂ ᠮᠡᠳᠡᠭᠡ ᠵᠠᠩᠭᠢ ᠵᠡᠷᠭᠡ ᠲᠠᠯ᠎ᠠ ᠶᠢᠨ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ᠵᠧᠩ ᠨᠢᠦ ᠤᠨ 4 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠢᠶᠠᠨ ᠬᠠᠮᠵᠢᠯᠴᠠᠨ ᠳᠡᠮᠵᠢᠬᠦ ᠬᠡᠷᠡᠭᠲᠡᠢ ᠂ ᠡᠭᠦᠨ ᠤ ᠬᠠᠮᠲᠤ᠂ ᠨᠡᠩ ᠤᠯᠠᠨ ᠠᠵᠤ ᠠᠬᠤᠶᠢᠯᠠᠯᠲᠠᠳ ᠢᠷᠡᠵᠤ ᠬᠤᠷᠢᠨᠭᠡᠷ ᠲᠠᠢ ᠪᠡᠯᠡ ᠣᠷᠣᠭᠤᠯᠤᠨ ᠦᠢᠯᠡᠰ ᠪᠤᠰᠬᠠᠬᠤ ᠶᠢ ᠬᠦᠰᠡᠵᠦ ᠪᠠᠶᠢᠨ᠎ᠠ ᠭᠡᠵᠦ ᠴᠢᠩᠭᠠᠳᠬᠠᠪᠠ᠃
     ᠣᠶᠢᠯᠠᠭᠠᠭᠰᠠᠨ ᠢᠶᠠᠷ᠂ ᠲᠥᠷᠥᠯ ᠵᠦᠢᠯ ᠳᠤ ᠨᠡᠶᠢᠲᠡ 20 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠂ ᠲᠦᠮᠡᠨ ᠲᠣᠯᠣᠭᠠᠶ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ 4 ᠪᠠᠶᠢᠭᠤᠯᠵᠤ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠲᠥᠷᠥᠯ ᠵᠦᠢᠯ ᠤᠨ ᠲᠥᠯᠥᠪᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠳᠤ ᠬᠡᠷᠡᠭᠯᠡᠬᠦ ᠭᠠᠵᠠᠷ ᠵᠢᠴᠢ ᠳᠠᠭᠠᠯᠲᠠ ᠲᠥᠬᠦᠭᠡᠷᠦᠮᠵᠢ ᠳᠤ ᠬᠡᠷᠡᠭᠯᠡᠬᠦ ᠭᠠᠵᠠᠷ ᠤᠨ ᠲᠠᠯᠠᠪᠠᠶ ᠶᠢ ᠨᠡᠶᠢᠲᠡ 2496.2244 ᠮᠥ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号