ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ
ᠨᠡᠶᠢᠲᠡᠯᠡᠭᠰᠡᠨ ᠴᠠᠭ᠄
2023/7/5
     ᠬᠡᠳᠦᠨ ᠡᠳᠦᠷ ᠤᠨ ᠲᠤᠷᠰᠢ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠤᠯᠠᠨ ᠬᠡᠯᠪᠡᠷᠢ ᠮᠠᠶ᠋ᠢᠭ ᠢᠶᠠᠷ ᠰᠢᠷᠢᠰ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠂ ᠡᠨᠡ ᠬᠤᠭᠤᠴᠠᠭᠠᠨ ᠳᠤ᠂ ᠺᠣᠮᠫᠠᠨᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠠᠮ ᠤᠨ ᠭᠡᠰᠢᠭᠦᠳ ︽ᠠᠷᠠᠳ ᠲᠦᠮᠡᠨ ᠤ ᠳᠠᠭᠤᠷᠢᠶᠠᠯ︾᠂ ︽ᠲᠠᠯ᠎ᠠ ᠨᠤᠲᠤᠭ ᠤᠨ ᠡᠵᠢ︾ ᠳᠦᠭᠦᠶᠢᠮ᠎ᠠ ᠨᠠᠰᠤᠲᠠᠨ ᠢ ᠰᠤᠷᠪᠤᠯᠵᠢᠯᠠᠵᠤ᠂ ᠨᠠᠰᠤᠲᠠᠨ ᠤ ᠲᠤᠬᠠᠢ ᠶᠢᠨ ᠵᠢᠯ ᠳᠤ ᠱᠠᠩᠬᠠᠢ ᠶᠢᠨ 28 ᠥᠨᠥᠴᠢᠨ ᠬᠡᠦᠬᠡᠳ ᠢ ᠠᠰᠠᠷᠠᠨ ᠲᠡᠵᠢᠭᠡᠭᠰᠡᠨ ᠥᠩᠭᠡᠷᠡᠯᠲᠡ ᠶᠢ ᠰᠣᠨᠣᠰᠴᠤ᠂ ᠬᠥᠮᠥᠰ ᠤᠨ ᠰᠡᠳᠬᠢᠯ ᠢ ᠬᠥᠳᠡᠯᠭᠡᠮ᠎ᠡ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢ ᠥᠷᠨᠢᠭᠦᠯᠵᠡᠢ᠃ ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠸᠠᠩ ᠮᠧᠩ ᠶᠤᠸᠠᠨ  ᠵᠠᠩ ᠫᠧᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号