| | | 8 ᠰᠠᠷ᠎ᠠ ᠶᠢᠨ 8 ᠤ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠬᠢᠨ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠮᠦᠽᠧᠢ ᠶᠢᠨ | ᠬᠦᠷᠢᠶᠡᠯᠡᠩ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠤᠴᠠ ᠶᠢ ᠬᠠᠮᠠᠭᠠᠯᠠᠬᠤ ᠬᠥᠮᠦᠵᠢᠯ ᠤᠨ ᠳᠠᠳᠤᠯᠭ᠎ᠠ | ᠪᠣᠯᠪᠠᠰᠤᠷᠠᠭᠤᠯᠤᠯ ᠤᠨ ᠲᠠᠪᠴᠠᠩ ᠢᠶᠠᠷ ᠲᠣᠭᠤᠷᠢᠨ ᠦᠵᠡᠵᠦ ᠰᠤᠷᠤᠯᠴᠠᠵᠤ᠂ ︽ᠲᠤᠬᠠᠢ ᠶᠢᠨ ᠲᠠᠯᠠᠪᠠᠢ ᠶᠢᠨ | ᠬᠥᠮᠦᠵᠢᠯ + ᠤᠨᠤᠯ ᠤᠨ ᠰᠤᠷᠤᠯᠴᠠᠯᠭ᠎ᠠ︾ ᠶᠢᠨ ᠬᠡᠯᠪᠡᠷᠢ ᠪᠠᠷ 2023 ᠣᠨ ᠤ 7 ᠳ᠋ᠤᠭᠠᠷ ᠤᠳᠠᠭ᠎ᠠ ᠶᠢᠨ | ᠰᠤᠷᠤᠯᠴᠠᠯᠭ᠎ᠠ ᠶᠢᠨ ᠬᠤᠷᠠᠯ ᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠶᠢ ︽ᠠᠮᠢᠳᠤᠯᠢᠭ ᠪᠣᠯᠭᠠᠬᠤ︾ ᠪᠠᠷ | ᠪᠣᠯᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠰᠢᠶᠠᠨ ᠤ ᠵᠠᠰᠠᠭ ᠤᠨ ᠣᠷᠳᠣᠨ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠭᠠᠵᠠᠷ ᠠᠴᠠ ᠳᠡᠭᠡᠭᠰᠢᠬᠢ ᠬᠡᠷ ᠲᠡᠭᠡᠨ ᠪᠠᠶᠢᠭ᠎ᠠ ᠤᠳᠤᠷᠢᠳᠤᠯᠭ᠎ᠠ᠂ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ᠂ ᠰᠠᠬᠢᠯᠭ᠎ᠠ ᠪᠠᠲᠤ ᠶᠢᠨ ᠠᠵᠢᠯ ᠤᠨ ᠬᠤᠷᠢᠶᠠᠨ ᠤ ᠱᠦᠵᠢ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ᠂ ᠨᠢᠭᠡᠴᠡ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠰᠤᠷᠤᠯᠴᠠᠯᠭ᠎ᠠ ᠶᠢᠨ | ᠬᠤᠷᠠᠯ ᠳᠤ ᠣᠷᠣᠯᠴᠠᠪᠠ᠃ | ᠥᠪᠥᠷ ᠮᠣᠩᠭᠤᠯ ᠤᠨ ᠮᠦᠽᠧᠶ ᠳᠤ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠲᠥᠪ ᠤᠨ | ᠳᠤᠭᠤᠶᠢᠯᠠᠩ ᠤᠨ ᠭᠡᠰᠢᠭᠦᠳ ︽ᠠᠭᠤᠰᠤᠯᠴᠠᠯ ᠴᠤᠭᠯᠠᠷᠠᠯ — ᠨᠡᠶᠢᠲᠡ ᠶᠢᠨ ᠣᠨ ᠲᠣᠭᠠᠯᠠᠯ ᠤᠨ ᠨᠠᠢᠮᠠ ᠠᠴᠠ | ᠠᠷᠪᠠ ᠶᠢᠰᠦᠳᠦᠭᠡᠷ ᠵᠠᠭᠤᠨ ᠤ ᠥᠪᠥᠷ ᠮᠣᠩᠭᠤᠯ ᠤᠨ ᠲᠡᠦᠬᠡ ᠰᠣᠶᠣᠯ ᠤᠨ ᠦᠵᠡᠭᠦᠯᠦᠯᠭᠡ︾ ᠶᠢᠨ | ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠭᠤᠶᠢᠳᠠ ᠰᠠᠶᠢᠬᠠᠨ ᠲᠠᠶᠢᠯᠤᠮᠵᠢ ᠶᠢᠨ | ᠳᠤᠮᠳᠠ᠂ ᠣᠯᠠᠨ ᠢᠶᠠᠷ ᠢᠶᠠᠨ ᠥᠪᠥᠷ ᠮᠣᠩᠭᠤᠯ ᠣᠷᠣᠨ ᠤ ᠠᠳᠠᠯᠢ ᠪᠤᠰᠤ ᠲᠡᠦᠬᠡᠨ ᠴᠠᠭ ᠦᠶ᠎ᠡ ᠶᠢᠨ ᠲᠡᠦᠬᠡ | ᠰᠣᠶᠣᠯ ᠤᠨ ᠳᠤᠷᠠᠰᠬᠠᠯᠲᠤ ᠵᠦᠢᠯᠡᠰ ᠢ ᠲᠠᠨᠢᠵᠤ᠂ ᠮᠠᠨ ᠤ ᠤᠯᠤᠰ ᠤᠨ ᠨᠢᠭᠡᠳᠦᠭᠰᠡᠨ ᠣᠯᠠᠨ ᠦᠨᠳᠦᠰᠦᠲᠡᠨ ᠲᠠᠢ | ᠤᠯᠤᠰ ᠤᠨ ᠤᠯᠠᠷᠢᠨ ᠬᠤᠪᠢᠰᠴᠤ ᠪᠦᠷᠢᠯᠳᠦᠭᠰᠡᠨ ᠲᠡᠦᠬᠡᠨ ᠰᠤᠳᠠᠰᠤ ᠪᠠ ᠳᠤᠮᠳᠠᠳᠤ ᠶᠢᠨ ᠦᠨᠳᠦᠰᠦᠲᠡᠨ ᠤ ᠣᠯᠠᠨ | ᠡᠰᠢᠲᠦ ᠨᠢᠭᠡ ᠴᠣᠭᠴᠠ ᠶᠢᠨ ᠪᠠᠶᠢᠷᠢᠰᠢᠯ ᠤᠨ ᠬᠥᠭᠵᠢᠨ ᠪᠤᠵᠠᠭᠠᠶᠢᠷᠬᠠᠰᠠᠨ ᠲᠡᠦᠬᠡᠨ ᠶᠠᠪᠤᠴᠠ ᠶᠢ ᠣᠶᠢᠯᠠᠭᠠᠵᠤ᠂ | ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠡᠪᠦᠭᠡ | ᠳᠡᠭᠡᠳᠦᠰ ᠤᠨ ᠬᠠᠮᠲᠤ ᠪᠠᠷ ᠡᠭᠦᠳᠦᠨ ᠪᠦᠲᠦᠭᠡᠭᠰᠡᠨ ᠪᠠᠶᠠᠯᠢᠭ ᠰᠠᠶᠢᠬᠠᠨ ᠲᠡᠦᠬᠡ ᠰᠣᠶᠣᠯ ᠢ ᠣᠶᠢᠯᠠᠭᠠᠵᠤ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠵᠠᠮ ᠨᠡᠭᠡᠭᠡᠨ ᠤᠷᠤᠭᠰᠢᠯᠠᠬᠤ᠂ ᠵᠣᠷᠢᠭᠲᠠᠶ ᠪᠠᠷ ᠲᠡᠮᠡᠴᠡᠬᠦ ᠠᠭᠤᠤ | ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠭᠰᠠᠨ ᠪᠠᠶᠢᠨ᠎ᠠ᠃ | ᠨᠢᠭᠤᠴᠠ ᠶᠢ ᠬᠠᠮᠠᠭᠠᠯᠠᠬᠤ ᠬᠥᠮᠦᠵᠢᠯ ᠤᠨ ᠪᠣᠳᠠᠲᠠᠶ ᠪᠣᠯᠪᠠᠰᠤᠷᠠᠭᠤᠯᠤᠯ ᠤᠨ ᠲᠠᠪᠴᠠᠩ ᠤᠨ ᠲᠤᠬᠠᠶ ᠶᠢᠨ | ᠲᠠᠯᠠᠪᠤᠷ ᠲᠤ᠂ ᠪᠥᠬᠦ ᠨᠠᠮ ᠤᠨ ᠭᠡᠰᠢᠭᠦᠨ ᠺᠠᠳ᠋ᠷᠴᠤᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ | ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠨᠢᠭᠤᠴᠠ ᠬᠤᠯᠠᠭᠠᠶᠢᠯᠠᠭᠳᠠᠭᠰᠠᠨ | ᠮᠡᠷᠭᠡᠵᠢᠯ ᠤᠨ ᠦᠵᠡᠭᠦᠯᠦᠯᠭᠡ ᠪᠠ ᠨᠢᠭᠤᠴᠠ ᠶᠢ ᠵᠠᠳᠠᠷᠠᠭᠤᠯᠤᠭᠰᠠᠨ ᠠᠷᠭ᠎ᠠ ᠵᠠᠮ ᠢ ᠲᠣᠭᠤᠷᠢᠨ ᠦᠵᠡᠵᠦ᠂ ᠨᠢᠭᠡ | ᠤᠳᠠᠭᠠᠨ ᠤ ᠭᠦᠨ ᠭᠦᠨᠵᠡᠭᠡᠶ ᠨᠢᠭᠤᠴᠠ ᠶᠢ ᠬᠠᠮᠠᠭᠠᠯᠠᠬᠤ ᠰᠡᠷᠡᠮᠵᠢᠯᠡᠭᠦᠯᠬᠦ ᠬᠥᠮᠦᠵᠢᠯ ᠪᠠ ᠨᠢᠭᠤᠴᠠ ᠶᠢ ᠬᠠᠮᠠᠭᠠᠯᠠᠬᠤ | ᠮᠡᠳᠡᠯᠭᠡ ᠶᠢᠨ ᠰᠤᠷᠤᠯᠴᠠᠯᠭ᠎ᠠ ᠶᠢ ᠭᠥᠷᠳᠡᠵᠦ᠂ ᠨᠢᠭᠤᠴᠠ ᠶᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠬᠦᠨᠳᠦ | ᠨᠣᠴᠢᠲᠠᠶ ᠪᠠᠶᠢᠳᠠᠯ ᠢ ᠲᠠᠨᠢᠵᠤ ᠣᠯᠤᠭᠰᠠᠨ ᠪᠠᠶᠢᠨ᠎ᠠ᠃ ᠡᠳᠦᠷ ᠲᠤᠳᠤᠮ ᠤᠨ ᠠᠵᠢᠯ ᠤᠨ ᠳᠤᠮᠳᠠ᠂ ᠨᠢᠭᠤᠴᠠ ᠶᠢ | ᠬᠠᠮᠠᠭᠠᠯᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠪᠠ ᠨᠢᠭᠤᠴᠠ ᠶᠢ | ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠨᠢᠭᠤᠴᠠ ᠶᠢ | ᠬᠤᠯᠠᠭᠠᠶᠢᠯᠠᠵᠤ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |