ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠬᠠᠤᠯᠢ ᠲᠦᠷᠢᠮ ᠤᠨ ᠤᠬᠠᠭᠤᠯᠭ᠎ᠠ ᠶᠢ ᠦᠨᠳᠦᠰᠦᠨ ᠱᠠᠲᠤᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/14
     ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠰᠣᠶᠣᠯ ᠤᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠨᠡᠶᠢᠭᠡᠮ ᠤᠨ ᠮᠡᠳᠡᠯᠭᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠪᠬᠢᠲᠡᠢ ᠪᠥᠭᠡᠳ ᠡᠷᠡᠭᠦᠯ ᠰᠣᠶᠣᠯ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠦᠨᠳᠦᠰᠦᠨ ᠱᠠᠲᠤᠨ ᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠠᠭᠤᠷᠢ ᠶᠢ ᠪᠠᠲᠤᠳᠬᠠᠬᠤ ᠶᠢᠨ ᠲᠤᠰᠠᠳᠠ᠂ 8 ᠰᠠᠷ᠎ᠠ ᠶᠢᠨ 10 ᠤ ᠡᠳᠦᠷ᠂ ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᡁᠧ ᠯᠣᠣ ᠶᠣᠣ ᠰᠢᠶᠠᠩ ᠤᠨ ᠠᠯᠳᠠᠨ ᠨᠠᠮᠤᠷ ᠤᠨ ᠰᠣᠶᠣᠯ ᠤᠨ ᠨᠠᠶᠢᠷ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠰᠢᠶᠠᠨ ᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠡᡁᠧ ᠯᠣᠣ ᠶᠣᠣ ᠰᠢᠶᠠᠩ ᠲᠠᠢ ᠬᠤᠯᠪᠣᠭᠠᠯᠠᠨ ᠤᠯᠠᠨ ᠬᠡᠯᠪᠡᠷᠢ ᠶᠢᠨ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠨᠢ ᠤᠬᠠᠭᠤᠯᠭ᠎ᠠ ᠶᠢᠨ ᠯᠠᠪᠯᠠᠯᠭ᠎ᠠ ᠶᠢᠨ ᠴᠡᠭ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ ᠂ ᠥᠷᠭᠡᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠪᠠ ᠯᠠᠪᠯᠠᠯᠲᠠ ᠬᠠᠩᠭᠠᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠯᠪᠣᠭᠳᠠᠯ ᠪᠦᠬᠦᠢ ᠮᠡᠳᠡᠯᠭᠡ ᠶᠢ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠲᠣᠳᠣᠷᠬᠠᠶᠢᠯᠠᠨ ᠥᠭᠦᠯᠡᠵᠦ᠂ ᠥᠷᠭᠡᠨ ᠤᠯᠠᠨ ᠲᠦᠮᠡᠨ ᠪᠠ ᠨᠠᠰᠤᠨ ᠳᠤ ᠦᠯᠦ ᠬᠦᠷᠦᠭᠰᠡᠳ ᠲᠤ ᠰᠦᠯᠵᠢᠶᠡᠨ ᠤ ᠡᠷᠡᠭᠦᠯ ᠪᠤᠰᠤ ᠮᠡᠳᠡᠭᠡ ᠵᠠᠩᠭᠢ ᠶᠢ ᠰᠡᠷᠡᠮᠵᠢᠯᠡᠬᠦ ᠶᠢ ᠰᠠᠨᠠᠭᠤᠯᠵᠤ᠂ ᠬᠠᠤᠯᠢ ᠪᠤᠰᠤ ᠬᠡᠪᠯᠡᠭᠳᠡᠬᠦᠨ ᠪᠠ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠵᠤ᠂ ᠲᠤᠬᠠᠶ ᠶᠢᠨ ᠲᠠᠯᠠᠪᠤᠷ ᠲᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠪᠠ ᠰᠣᠶᠣᠯ ᠤᠨ ᠵᠠᠬ᠎ᠠ ᠳᠡᠯᠭᠡᠭᠦᠷ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ 300 ᠭᠠᠷᠤᠶ ᠬᠤᠪᠢ ᠲᠠᠷᠬᠠᠭᠠᠪᠠ᠃      ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠳ ᠢ ᠵᠣᠬᠢᠶᠠᠨ ᠪᠠᠶᠢᠭᠤᠯᠵᠤ ᠡᡁᠧ ᠯᠣᠣ ᠶᠣᠣ ᠰᠢᠶᠠᠩ ᠤᠨ ᠬᠠᠷᠢᠶ᠎ᠠ ᠲᠣᠭᠤᠷᠢᠭ ᠤᠨ ᠬᠤᠳᠠᠯᠳᠤᠭᠠᠨ ᠤ ᠡᠷᠦᠬᠡ ᠪᠠ ᠰᠣᠯᠢᠯᠴᠠᠭᠠᠨ ᠤ ᠬᠤᠷᠠᠯ ᠤᠨ ᠲᠤᠬᠠᠢ ᠶᠢᠨ ᠲᠠᠯᠠᠪᠠᠢ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠤᠳᠠᠯᠳᠤᠭᠠᠨ ᠤ ᠡᠷᠦᠬᠡ ᠳᠤ ᠡᠯ᠎ᠡ ᠲᠦᠷᠦᠯ ᠤᠨ ᠬᠠᠤᠯᠢ ᠪᠤᠰᠤ ᠬᠡᠪᠯᠡᠭᠳᠡᠬᠦᠨ ᠢ ᠬᠤᠳᠠᠯᠳᠤᠬᠤ ᠶᠢ ᠴᠠᠭᠠᠵᠠᠯᠠᠬᠤ ᠶᠢ ᠮᠡᠳᠡᠭᠳᠡᠵᠦ᠂ ᠰᠠᠳᠣᠷ ᠰᠠᠮᠠᠭᠤᠨ᠂ ᠱᠠᠯᠢᠭ ᠵᠠᠪᠬᠠᠢ᠂ ᠬᠦᠴᠦᠷᠬᠡᠭᠯᠡᠯ ᠵᠡᠷᠭᠡ ᠰᠣᠶᠣᠯ ᠤᠨ ᠬᠤᠭ ᠨᠣᠪᠰᠢ ᠪᠠ ᠬᠠᠤᠯᠢ ᠪᠤᠰᠤ ᠬᠡᠪᠯᠡᠭᠳᠡᠬᠦᠨ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢ ᠠᠷᠠᠳ ᠤᠯᠠᠨ ᠤ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠵᠠᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号