ᠤᠶᠤᠨᠲᠤ ᠡᠳ᠋ ᠪᠠᠷᠠᠭᠠᠨ ᠤ ᠭᠦᠢᠯᠭᠡᠭᠡ ᠵᠢᠴᠢ ᠲᠣᠭᠠᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠬᠤᠳᠠ ᠶᠢᠨ ᠲᠦᠷᠦᠭᠦᠴᠦᠳ ᠤᠨ ᠬᠤᠷᠠᠯ ᠵᠢᠴᠢ ᠵᠦᠩ ᠴᠦ᠋ ᠤᠶᠤᠨᠲᠤ ᠡᠳ᠋ ᠪᠠᠷᠠᠭᠠᠨ ᠤ ᠲᠡᠭᠡᠭᠡᠪᠦᠷᠢ ᠶᠢᠨ ᠬᠥᠬᠡᠬᠤᠲᠠ ᠳᠠᠬᠢ ᠬᠤᠪᠢᠶᠠᠷᠢ ᠺᠣᠮᠫᠠᠨᠢ ᠪᠠᠶᠢᠭᠤᠯᠤᠭᠳᠠᠬᠤ ᠶᠣᠰᠣᠯᠠᠯ ᠬᠤᠷᠢᠨᠭᠡᠷ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/14
     8 ᠰᠠᠷ᠎ᠠ ᠶᠢᠨ 10 ᠤ ᠡᠳᠦᠷ᠂ ᠤᠶᠤᠨᠲᠤ ᠡᠳ᠋ ᠪᠠᠷᠠᠭᠠᠨ ᠤ ᠭᠦᠢᠯᠭᠡᠭᠡ ᠵᠢᠴᠢ ᠲᠣᠭᠠᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠬᠤᠳᠠ ᠶᠢᠨ ᠲᠦᠷᠦᠭᠦᠴᠦᠳ ᠤᠨ ᠬᠤᠷᠠᠯ ᠵᠢᠴᠢ ᠵᠦᠩ ᠴᠦ᠋ ᠤᠶᠤᠨᠲᠤ ᠡᠳ᠋ ᠪᠠᠷᠠᠭᠠᠨ ᠤ ᠲᠡᠭᠡᠭᠡᠪᠦᠷᠢ ᠶᠢᠨ ᠬᠥᠬᠡᠬᠤᠲᠠ ᠳᠠᠬᠢ ᠬᠤᠪᠢᠶᠠᠷᠢ ᠺᠣᠮᠫᠠᠨᠢ ᠪᠠᠶᠢᠭᠤᠯᠤᠭᠳᠠᠬᠤ ᠶᠣᠰᠣᠯᠠᠯ ᠬᠤᠷᠢᠨᠭᠡᠷ ᠰᠢᠶᠠᠨ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠣᠷᠣᠯᠴᠠᠵᠠᠶ᠃      ᠭᠤᠤ ᠹᠧᠩ ᠪᠣᠯᠤᠨ ᠵᠦᠩ ᠴᠦ᠋ ᠤᠶᠤᠨᠲᠤ ᠡᠳ᠋ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠢ ᠵᠠᠬᠢᠷᠤᠭᠴᠢ ᠱᠧᠨ ᠠᠨ ᠹᠧᠩ ᠬᠠᠮᠲᠤᠪᠠᠷ ᠵᠦᠩ ᠴᠦ᠋ ᠤᠶᠤᠨᠲᠤ ᠡᠳ᠋ ᠪᠠᠷᠠᠭᠠᠨ ᠤ ᠲᠡᠭᠡᠭᠡᠪᠦᠷᠢ ᠶᠢᠨ ᠬᠥᠬᠡᠬᠤᠲᠠ ᠳᠠᠬᠢ ᠬᠤᠪᠢᠶᠠᠷᠢ ᠺᠣᠮᠫᠠᠨᠢ ᠶᠢᠨ ᠫᠠᠶᠢᠰᠠ ᠶᠢ ᠰᠡᠬᠦᠪᠡ᠃ ᠭᠤᠤ ᠹᠧᠩ ᠵᠢᠭᠠᠵᠤ ᠭᠠᠷᠭᠠᠭᠰᠠᠨ ᠨᠢ᠂ ᠬᠤᠷᠢᠨᠭᠡᠷ ᠰᠢᠶᠠᠨ ᠤ ᠬᠢᠯᠢ ᠳᠣᠲᠣᠷᠠᠬᠢ ᠲᠡᠮᠦᠷ ᠵᠠᠮ᠂ ᠳᠡᠭᠡᠳᠦ ᠬᠤᠷᠳᠤᠴᠠᠲᠤ ᠵᠠᠰᠠᠮᠠᠯ ᠵᠠᠮ᠂ ᠤᠯᠤᠰ ᠤᠨ ᠵᠠᠮ᠂ ᠮᠤᠵᠢ ᠶᠢᠨ ᠵᠠᠮ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠦ᠂ ᠣᠷᠣᠨ ᠪᠠᠶᠢᠷᠢ ᠶᠢᠨ ᠵᠠᠮ ᠬᠠᠷᠢᠯᠴᠠᠭ᠎ᠠ ᠪᠠ ᠠᠵᠤ ᠦᠢᠯᠡᠰ ᠤᠨ ᠳᠠᠪᠠᠭᠤᠯᠢᠭ ᠢᠯᠡᠳᠲᠡ ᠪᠠᠶᠢᠵᠤ᠂ ᠲᠣᠭᠠᠴᠢᠯᠠᠭᠰᠠᠨ ᠪᠠᠷᠠᠭᠠᠨ ᠤ ᠭᠦᠢᠯᠭᠡᠭᠡ ᠶᠢ ᠬᠥᠭᠵᠢᠭᠦᠯᠵᠦ᠂ ᠪᠣᠬᠢᠷᠲᠤᠯ ᠥᠬᠡᠶ ᠠᠵᠤ ᠦᠢᠯᠡᠰ ᠤᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶᠡᠰᠦ ᠶᠢ ᠪᠣᠶ ᠪᠣᠯᠭᠠᠬᠤ ᠪᠣᠯ ᠤᠯᠠᠮᠵᠢᠯᠠᠯᠲᠤ ᠪᠠᠷᠠᠭᠠᠨ ᠤ ᠭᠦᠢᠯᠭᠡᠭᠡᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠵᠦᠩ ᠴᠦ᠋ ᠤᠶᠤᠨᠲᠤ ᠡᠳ᠋ ᠪᠠᠷᠠᠭᠠᠨ  ᠤ ᠲᠡᠭᠡᠭᠡᠪᠦᠷᠢ ᠶᠢᠨ ᠣᠷᠣᠯᠴᠠᠭᠰᠠᠨ ᠨᠢ ᠯᠠᠪᠲᠠᠢ ᠬᠤᠷᠢᠨᠭᠡᠷ ᠰᠢᠶᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠴᠢᠨᠠᠭᠰᠢᠳᠠ ᠪᠤᠵᠠᠭᠠᠶᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠵᠦ᠂ ᠰᠢᠨ᠎ᠡ ᠳᠡᠭᠲᠡᠷ ᠲᠤ ᠭᠠᠷᠬᠤ ᠪᠣᠯᠤᠨ᠎ᠠ᠃ ᠬᠤᠷᠢᠨᠭᠡᠷ ᠰᠢᠶᠠᠨ ᠪᠠᠰᠠ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠲᠦᠷᠦ ᠶᠢᠨ ᠪᠤᠳᠤᠯᠭ᠎ᠠ ᠶᠢᠨ ᠬᠡᠷᠡᠭᠴᠡᠭᠡ᠂ ᠦᠢᠯᠡᠴᠢᠯᠡᠭᠡᠨ ᠤ ᠬᠡᠷᠡᠭᠴᠡᠭᠡ ᠶᠢ ᠨᠠᠷᠢᠨ ᠬᠢᠨᠠᠮᠠᠭᠠᠢ ᠰᠤᠳᠤᠯᠵᠤ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠦᠷᠭᠡᠨ ᠬᠥᠭᠵᠢᠯᠲᠡ ᠳᠤ ᠨᠡᠩ ᠴᠢᠨᠠᠷ ᠰᠠᠶᠢᠲᠠᠢ᠂ ᠨᠡᠩ ᠪᠦᠬᠦ ᠲᠠᠯ᠎ᠠ ᠶᠢᠨ ᠦᠢᠯᠡᠴᠢᠯᠡᠭᠡ ᠬᠠᠩᠭᠭᠠᠬᠤ ᠬᠡᠷᠡᠭᠲᠡᠢ ᠭᠡᠪᠡ᠃      ᠱᠧᠨ ᠠᠨ ᠹᠧᠩ ᠢᠯᠡᠷᠬᠡᠶᠢᠯᠡᠬᠦ ᠳᠡᠭᠡᠨ᠂ ᠬᠤᠷᠢᠨᠭᠡᠷ ᠰᠢᠶᠠᠨ ᠣᠷᠣᠨ ᠤ ᠲᠥᠪ ᠬᠤᠲᠠ ᠶᠢᠨ ᠳᠡᠳ᠋ ᠲᠥᠪ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠬᠥᠲᠥᠯᠦᠨ ᠳᠠᠭᠠᠭᠤᠯᠵᠤ ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠢᠷᠡᠭᠡᠳᠦᠶ ᠰᠠᠷᠠᠭᠤᠯ ᠠᠭᠤᠳᠠᠮ ᠪᠠᠶᠢᠨ᠎ᠠ᠃ ᠳᠤᠮᠳᠠᠳᠤ ᠤᠯᠤᠰ ᠤᠨ ᠪᠠᠷᠠᠭᠠᠨ ᠤ ᠭᠦᠢᠯᠭᠡᠭᠡᠨ ᠤ ᠪᠦᠯᠦᠭᠯᠡᠯ ᠤᠨ ᠬᠠᠷᠢᠶᠠᠨ ᠳᠠᠬᠢ ᠪᠦᠬᠦ ᠤᠯᠤᠰ ᠤᠨ ᠴᠢᠨᠠᠷᠲᠠᠢ ᠲᠣᠭᠠᠴᠢᠯᠠᠭᠰᠠᠨ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠲᠠᠪᠴᠠᠩ᠂ ᠵᠦᠩ ᠴᠦ᠋ ᠤᠶᠤᠨᠲᠤ ᠡᠳ᠋ ᠪᠠᠷᠠᠭᠠᠨ ᠤ ᠲᠡᠭᠡᠭᠡᠪᠦᠷᠢ ᠶᠢᠨ ᠬᠤᠷᠠᠮᠠᠯ ᠬᠤᠰᠢᠭᠤᠷᠠᠯ ᠮᠡᠷᠭᠡᠵᠢᠯ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠬᠦᠴᠦᠨ ᠤ ᠣᠶᠤᠨᠴᠢ ᠠᠷᠠᠯᠵᠢᠶᠠᠨ ᠤ ᠲᠠᠪᠴᠠᠩ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ᠂ ᠲᠣᠭᠠᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠲᠠᠪᠴᠠᠩ ᠵᠡᠷᠭᠡ ᠭᠤᠷᠪᠠᠨ ᠶᠡᠭᠡ ᠲᠣᠭᠠᠴᠢᠯᠠᠭᠰᠠᠨ ᠲᠠᠪᠴᠠᠩ ᠢᠶᠠᠷ ᠳᠠᠮᠵᠢᠭᠤᠯᠵᠤ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠦᠷ᠎ᠡ ᠠᠰᠢᠭ ᠪᠣᠯᠤᠨ ᠬᠥᠭᠵᠢᠯᠲᠡ ᠶᠢᠨ ᠶᠠᠰᠤ ᠴᠢᠨᠠᠷ ᠤᠨ ︽ᠬᠤᠣᠰ ᠴᠢᠭᠯᠡᠯ ᠢᠶᠠᠷ ᠳᠡᠭᠡᠭᠰᠢᠯᠡᠬᠦ︾ ᠶᠢ ᠪᠦᠲᠦᠮᠵᠢᠲᠡᠢ ᠠᠬᠢᠭᠤᠯᠵᠠᠢ᠃ ᠡᠨᠡ ᠤᠳᠠᠭ᠎ᠠ ᠬᠥᠬᠡᠬᠤᠲᠠ ᠳᠤ ᠬᠦᠷᠬᠦ ᠳᠤ᠂ ᠲᠤᠬᠠᠢ ᠶᠢᠨ ᠭᠠᠵᠠᠷ ᠤᠨ ᠬᠢᠨ ᠲᠠᠢ ᠬᠠᠮᠲᠤᠪᠠᠷ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠨ ᠳᠠᠬᠢ ᠣᠷᠣᠨ ᠨᠤᠲᠤᠭ ᠠᠵᠤ ᠠᠬᠤᠶᠢᠯᠠᠯ ᠢ ᠬᠠᠮᠲᠤᠪᠠᠷ ᠪᠠᠶᠢᠭᠤᠯᠬᠤ ᠠᠷᠭ᠎ᠠ ᠵᠠᠮ ᠢ ᠰᠦᠪᠡᠭᠴᠢᠯᠡᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠰᠦᠪᠡᠭᠴᠢᠯᠡᠬᠦ ᠬᠡᠷᠡᠭᠲᠡᠢ ᠭᠡᠪᠡ᠃      ᠬᠤᠷᠢᠨᠭᠡᠷ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠪᠠ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠤᠯᠠᠨ ᠬᠠᠷᠢᠭᠤᠴᠠᠯᠭᠠᠲᠠᠨ ᠲᠤᠰ ᠠᠵᠢᠯᠯᠠᠭ᠎ᠠ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号