| | | 8 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ 85 ᠳ᠋ᠤᠭᠠᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠭᠤᠣᠯᠳᠠᠯᠭ᠎ᠠ ᠲᠠᠢ | ᠲᠦᠷᠦᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠷᠯᠠᠯ ᠤᠨ ᠵᠣᠷᠢᠭ ᠰᠠᠨᠠᠭ᠎ᠠ᠂ | ᠪᠦᠬᠦ ᠬᠤᠳᠠ ᠶᠢᠨ ᠵᠧᠵᠢᠶᠠᠩ ᠤᠨ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ | ᠲᠤᠭᠤᠰᠢᠯᠠᠭᠤᠯᠬᠤ ᠠᠵᠢᠯ ᠤᠨ ᠪᠣᠯᠪᠠᠰᠤᠷᠠᠭᠤᠯᠤᠯ ᠵᠢᠴᠢ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠰᠢᠶᠠᠨ ᠤ ᠭᠤᠣᠯᠳᠠᠯᠭ᠎ᠠ ᠲᠠᠢ ᠲᠦᠷᠥᠯ ᠵᠦᠢᠯ ᠤᠨ ᠠᠵᠢᠯ ᠢ | ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠴᠠᠭ ᠢᠮᠠᠭᠲᠠ ᠰᠠᠨᠠᠭᠠᠰᠢᠷᠠᠵᠤ | ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ︔ ᠰᠤᠷᠲᠠᠯ ᠤᠨ | ᠪᠠᠶᠢᠭᠤᠯᠤᠯᠲᠠ ᠶᠢ ᠰᠢᠨᠲᠠᠷᠠᠰᠢ ᠦᠭᠡᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ︽ᠳᠤᠷ᠎ᠠ ᠲᠠᠪᠠ ᠪᠠᠷ ᠢᠶᠠᠨ ᠶᠠᠷᠢᠬᠤ︾ | ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠵᠤ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠵᠠᠳᠠᠯᠤᠨ | ᠰᠤᠳᠤᠯᠵᠤ ᠮᠠᠭᠠᠳᠯᠠᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ | ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠤᠰᠠᠳᠬᠠᠬᠤ ᠪᠠᠷ ᠴᠢᠷᠮᠠᠶᠢᠬᠤ ᠬᠡᠷᠡᠭᠲᠡᠢ︔ ᠵᠧᠵᠢᠶᠠᠩ ᠤᠨ | ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠵᠤ᠂ | ᠬᠤᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠥᠳᠡᠭᠡ | ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ | ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ | ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠰᠢᠶᠠᠨ ᠤ ᠬᠥᠳᠡᠭᠡ ᠲᠣᠰᠬᠤᠨ ᠢ ᠵᠣᠯ ᠵᠢᠷᠭᠠᠯ ᠲᠠᠢ ᠪᠠᠶᠠᠨ ᠴᠢᠨᠡᠭᠡᠯᠢᠭ | ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠶᠢ ᠲᠤᠪᠤᠶᠢᠯᠭᠠᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠢ ᠦᠨᠡᠨᠬᠦ ᠴᠢᠩᠭ᠎ᠠ ᠠᠳᠬᠤᠵᠤ᠂ | ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠬᠢᠭᠤᠯᠬᠤ ᠠᠶᠢᠵᠠᠮ ᠤᠨ ᠲᠠᠯ᠎ᠠ ᠪᠠᠷ | ᠬᠤᠷᠳᠤᠴᠠ ᠪᠠᠨ ᠲᠠᠬᠢᠨ ᠲᠦᠷᠭᠡᠳᠬᠡᠵᠦ᠂ ᠵᠢᠷᠤᠭ ᠡᠯᠭᠦᠵᠦ ᠪᠠᠶᠢᠯᠳᠤᠭᠠᠨ ᠬᠢᠵᠦ᠂ ᠠᠬᠢᠭᠤᠯᠬᠤ ᠲᠥᠯᠥᠪᠯᠡᠭᠡ ᠪᠠᠨ | ᠲᠣᠩᠭᠤᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠲᠦᠷᠦᠯ ᠵᠦᠢᠯ ᠢ ᠠᠳᠬᠤᠨ ᠦᠢᠯᠡᠴᠢᠯᠡᠭᠡ ᠪᠠᠨ ᠴᠢᠩᠭᠠᠳᠬᠠᠵᠤ᠂ | ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠪᠣᠭᠤᠳᠠᠯᠯᠠᠬᠤ᠂ ᠪᠡᠯᠡ ᠮᠥᠩᠭᠦ ᠤᠯᠬᠤ ᠡᠷᠴᠢᠮ ᠢᠶᠠᠨ | ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠦᠢᠯᠡᠴᠢᠯᠡᠭᠡᠨ ᠤ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠲᠦᠷᠦᠯ ᠵᠦᠢᠯ ᠢᠶᠠᠷ ᠮᠠᠨ ᠤ ᠰᠢᠶᠠᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |