| | | ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ | ᠤᠯᠠᠮ ᠨᠢᠭᠡ ᠠᠯᠬᠤᠮ ᠪᠠᠬᠢᠵᠢᠭᠦᠯᠵᠦ᠂ ᠨᠡᠶᠢᠭᠡᠮ ᠤᠨ ᠣᠷᠴᠢᠨ ᠲᠣᠭᠤᠷᠢᠨ ᠢ ᠴᠡᠪᠡᠷᠰᠢᠭᠦᠯᠦᠨ᠂ ᠡᠷᠡᠭᠦᠯ | ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ᠵᠠᠯᠠᠭᠤᠴᠤᠳ ᠪᠠᠭᠠᠴᠤᠳ ᠤᠨ ᠬᠤᠤᠷ ᠴᠠᠭᠠᠵᠠᠯᠠᠬᠤ | ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ | ᠲᠤᠰᠠᠳᠠ᠂ ᠬᠤᠤᠷ ᠲᠠᠨᠢᠬᠤ᠂ ᠬᠤᠤᠷ ᠡᠰᠡᠷᠭᠦᠴᠡᠬᠦ᠂ ᠬᠤᠤᠷ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠤᠰᠠᠳᠠ᠂ ᠣᠶᠢᠷ᠎ᠠ ᠳᠤ᠂ ᠰᠢᠤᠸᠠᠢ ᠹᠦ᠋ ᠨᠡᠶᠢᠭᠡᠮ ᠲᠣᠭᠤᠷᠢᠭ ᠤᠨ ᠬᠢᠨ ᠴᠢ ᠫᠠᠨ ᠶᠢᠩ ᠨᠡᠶᠢᠭᠡᠮ ᠲᠣᠭᠤᠷᠢᠭ ᠲᠠᠢ | ᠬᠤᠯᠪᠣᠭᠠᠯᠠᠨ ᠬᠤᠷᠢᠨᠭᠡᠷ ᠰᠢᠶᠠᠨ ᠤ ᠨᠠᠨᠱᠠᠨ ᠤ ᠬᠤᠤᠷ ᠴᠠᠭᠠᠵᠠᠯᠠᠬᠤ ᠭᠤᠤᠯ ᠰᠡᠳᠦᠪᠲᠦ ᠱᠤᠭᠤᠮᠠᠯ ᠤᠨ | ᠴᠡᠴᠡᠷᠯᠢᠭ ᠲᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠴᠦ | ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ︾ ᠪᠠᠷ ᠭᠤᠤᠯ ᠰᠡᠳᠦᠪᠲᠦ | ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ ᠰᠠᠶᠢᠨ ᠳᠤᠷ᠎ᠠ ᠶᠢᠨ ᠠᠵᠢᠯᠯᠠᠭᠴᠢᠳ ᠬᠡᠤᠬᠡᠳ ᠤᠳ ᠢ ᠳᠠᠭᠠᠭᠤᠯᠤᠨ ᠲᠠᠩᠭᠠᠷᠢᠭ ᠤᠨ ᠬᠡᠷᠡᠮ ᠤᠨ | ᠡᠮᠦᠨ᠎ᠡ ᠬᠤᠤᠷᠲᠤ ᠡᠳ᠋ ᠢ ᠴᠠᠭᠠᠵᠠᠯᠠᠬᠤ ᠲᠠᠩᠭᠠᠷᠢᠭ ᠤᠨ ᠦᠭᠡᠰ ᠢ ᠳᠠᠬᠢᠨ ᠰᠠᠨᠠᠭᠠᠯᠵᠠᠵᠤ᠂ ᠬᠡᠤᠬᠡᠳ ᠤᠳ ᠤᠨ | ᠴᠢᠩᠭ᠎ᠠ ᠬᠦᠴᠦᠲᠡᠶ ᠲᠠᠩᠭᠠᠷᠢᠭ ᠤᠨ ᠲᠠᠭᠤᠨ ᠤ ᠳᠤᠮᠳᠠ ᠠᠴᠠ ᠪᠢᠳᠡ ᠬᠡᠤᠬᠡᠳ ᠤᠳ ᠤᠨ ᠬᠤᠤᠷᠲᠤ ᠡᠳ᠋ ᠢ | ᠴᠠᠭᠠᠵᠠᠯᠠᠬᠤ ᠠᠵᠢᠯ ᠤᠨ ᠲᠤᠬᠠᠶ ᠨᠤᠲᠠᠯᠠᠯᠲᠠ ᠶᠢ ᠣᠯᠵᠤ ᠮᠡᠳᠡᠵᠡᠶ᠃ ᠪᠢᠴᠢᠬᠠᠨ ᠰᠠᠶᠢᠨ ᠳᠤᠷ᠎ᠠ ᠶᠢᠨ | ᠠᠵᠢᠯᠯᠠᠭᠴᠢᠳ ᠪᠠᠰᠠ ᠠᠵᠢᠯ ᠨᠢᠭᠡᠲᠡᠨ ᠤ ᠪᠠᠨ ᠪᠤᠰᠤᠳ ᠨᠠᠰᠤᠨ ᠳᠤ ᠥᠯᠥ ᠭᠦᠷᠦᠭᠰᠡᠳ ᠲᠤ ᠬᠤᠤᠷᠲᠤ ᠡᠳ᠋ ᠢ | ᠴᠠᠭᠠᠵᠠᠯᠠᠬᠤ ᠤᠬᠠᠭᠤᠯᠭ᠎ᠠ ᠶᠢᠨ ᠨᠤᠭᠤᠯᠤᠮᠠᠯ ᠬᠠᠭᠤᠳᠠᠰᠤ ᠲᠠᠷᠬᠠᠭᠠᠪᠠ᠃ ᠤᠯᠠᠨ ᠢᠶᠠᠷ ᠢᠶᠠᠨ ᠬᠤᠣᠷᠲᠤ ᠡᠳ᠋ ᠢ | ᠴᠠᠭᠠᠵᠠᠯᠠᠬᠤ ᠵᠣᠷᠢᠭ ᠵᠢᠴᠢ ᠴᠢᠬᠤᠯᠠ ᠴᠢᠨᠠᠷ᠂ ᠬᠤᠣᠷᠲᠤ ᠡᠳ᠋ ᠤᠨ ᠲᠦᠷᠦᠯ ᠵᠦᠢᠯ ᠵᠢᠴᠢ ᠬᠤᠣᠷ ᠬᠥᠨᠥᠭᠡᠯ᠂ | ᠬᠤᠣᠷᠲᠤ ᠡᠳ᠋ ᠢ ᠴᠠᠭᠠᠵᠠᠯᠠᠬᠤ ᠬᠥᠮᠦᠨ᠂ ᠬᠤᠣᠷᠲᠤ ᠡᠳ᠋ ᠢ ᠴᠠᠭᠠᠵᠠᠯᠠᠬᠤ ᠴᠢᠬᠤᠯᠠ ᠶᠡᠭᠡ ᠬᠡᠷᠡᠭ᠂ ᠤᠯᠠᠨ | ᠤᠯᠤᠰ ᠤᠨ ᠬᠤᠣᠷᠲᠤ ᠡᠳ᠋ ᠢ ᠴᠠᠭᠠᠵᠠᠯᠠᠬᠤ ᠭᠤᠣᠯ ᠰᠡᠳᠦᠪᠲᠦ ᠱᠤᠭᠤᠮᠠᠯ᠂ ᠡᠶ᠎ᠡ ᠵᠣᠬᠢᠴᠠᠯ ᠪᠣᠯᠤᠨ ᠨᠡᠶᠢᠭᠡᠮ ᠵᠡᠷᠭᠡ | 6 ᠭᠤᠣᠯ ᠰᠡᠳᠦᠪᠲᠦ ᠠᠭᠤᠳᠠᠮ ᠲᠠᠯᠠᠪᠠᠢ ᠶᠢ ᠲᠣᠭᠤᠷᠢᠨ ᠦᠵᠡᠪᠡ᠃ | ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠭᠤᠯᠤᠨ᠂ ᠲᠣᠰ ᠤᠳᠠᠭᠠᠨ ᠤ | ᠠᠵᠢᠯᠯᠠᠭ᠎ᠠ ᠳᠤ ᠣᠷᠣᠯᠴᠠᠭᠰᠠᠨ ᠵᠠᠯᠠᠭᠤᠴᠤᠳ ᠪᠠᠭᠠᠴᠤᠳ ᠲᠤ ᠬᠤᠤᠷᠲᠤ ᠡᠳ᠋ ᠤᠨ ᠬᠤᠤᠷ ᠬᠥᠨᠥᠭᠡᠯ ᠵᠢᠴᠢ | ᠬᠤᠤᠷᠲᠤ ᠡᠳ᠋ ᠢ ᠡᠰᠡᠷᠭᠦᠴᠡᠨ ᠬᠤᠷᠢᠭᠯᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ︽ᠡᠷᠡᠭᠦᠯ ᠴᠢᠭᠢᠷᠠᠭ | ᠬᠥᠮᠦᠨ ᠤ ᠠᠮᠢᠳᠤᠷᠠᠯ᠂ ᠪᠣᠬᠢᠷᠲᠤᠯ ᠥᠬᠡᠶ ᠬᠤᠤᠷ ᠥᠬᠡᠶ︾ ᠭᠡᠬᠦ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ | ᠨᠠᠩ ᠭᠦᠨ ᠬᠠᠳᠠᠩᠰᠢᠭᠤᠯᠵᠠᠶ᠃ ᠲᠡᠳᠡ ᠬᠤᠶᠢᠰᠢᠳᠠ ᠶᠢᠨ ᠠᠮᠢᠳᠤᠷᠠᠯ ᠳᠠᠭᠠᠨ ᠴᠠᠭ ᠢᠮᠠᠭᠲᠠ ᠰᠣᠨᠣᠷ ᠰᠡᠷᠡᠮᠵᠢ ᠲᠠᠢ | ᠪᠠᠶᠢᠵᠤ᠂ ᠥᠳᠥᠭᠡᠯᠭᠡ ᠶᠢ ᠲᠡᠪᠴᠢᠵᠦ᠂ ᠬᠤᠣᠷᠲᠤ ᠡᠳ᠋ ᠠᠴᠠ ᠬᠤᠯᠠ ᠵᠠᠶᠢᠳᠠᠵᠤ᠂ ᠠᠮᠢ ᠨᠠᠰᠤ ᠪᠠᠨ | ᠨᠠᠨᠳᠢᠩᠨᠠᠬᠤ ᠶᠢ ᠡᠷᠡᠰ ᠪᠡᠶᠡᠯᠡᠭᠦᠯᠬᠦ ᠬᠡᠷᠡᠭᠲᠡᠶ ᠭᠡᠵᠦ ᠢᠯᠡᠷᠬᠡᠶᠢᠯᠡᠵᠡᠶ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |