ᠠᠵᠢᠯ ᠣᠯᠭᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠣᠷᠣᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠶᠡᠬᠡᠪᠡᠷ | ᠳᠡᠮᠵᠢᠵᠦ᠂ 8 ᠰᠠᠷ᠎ᠠ ᠶᠢᠨ 13 ᠤ ᠡᠳᠦᠷ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ | ᠭᠤᠤᠯᠯᠠᠨ ᠡᠷᠭᠢᠯᠡᠵᠦ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ ᠠᠴᠠ ᠳᠠᠭᠠᠭᠠᠨ ᠡᠷᠭᠢᠯᠡᠵᠦ᠂ ᠰᠢᠶᠠᠨ ᠤ ᠵᠡᠮᠳᠡᠭᠴᠦᠳ ᠤᠨ ᠬᠤᠯᠪᠣᠭ᠎ᠠ | ᠵᠡᠷᠭᠡ 6 ᠨᠢᠭᠡᠴᠡ ᠠᠴᠠ ᠬᠠᠮᠵᠢᠯᠴᠠᠨ ᠡᠷᠭᠢᠯᠡᠭᠰᠡᠨ ᠬᠤᠷᠢᠨᠭᠡᠷ ᠰᠢᠶᠠᠨ ᠤ 2023 ᠣᠨ ᠤ ︽ᠭᠤᠤᠯᠲᠤ ᠪᠤᠷᠤ | ᠦᠨᠳᠦᠰᠦᠯᠡᠭᠦᠯᠬᠦ ᠣᠶᠤᠲᠠᠨ ᠢ ᠬᠥᠬᠡᠬᠤᠲᠠ ᠳᠤ ᠦᠯᠡᠳᠡᠭᠡᠬᠦ︾ ᠲᠤᠰᠬᠠᠶ ᠠᠵᠢᠯᠯᠠᠭ᠎ᠠ ᠵᠢᠴᠢ ᠠᠯᠲᠠᠨ ᠨᠠᠮᠤᠷ ᠤᠨ | ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ | ᠵᠡᠮᠳᠡᠭᠴᠦᠳ ᠲᠤ ᠠᠵᠢᠯ ᠣᠯᠭᠤᠬᠤ ᠲᠦᠷᠦ ᠶᠢᠨ ᠪᠤᠳᠤᠯᠭ᠎ᠠ ᠶᠢ ᠨᠠᠷᠢᠨ ᠲᠠᠶᠢᠯᠪᠤᠷᠢᠯᠠᠵᠤ᠂ 36 ᠠᠵᠤ | ᠠᠬᠤᠶᠢᠯᠠᠯ ᠳᠤ ︽ᠵᠡᠮᠳᠡᠭᠴᠦᠳ ᠲᠤ ᠠᠵᠢᠯ ᠣᠯᠭᠤᠬᠤ ᠲᠦᠷᠢᠮ︾ ᠢ ᠲᠠᠷᠬᠠᠭᠠᠵᠤ᠂ ᠥᠷᠭᠡᠨ ᠤᠯᠠᠨ ᠠᠵᠢᠯ | ᠡᠷᠢᠭᠰᠡᠳ ᠲᠤ ︽ᠵᠡᠮᠳᠡᠭᠴᠦᠳ ᠲᠤ ᠠᠵᠢᠯ ᠣᠯᠭᠤᠬᠤ ᠲᠦᠷᠢᠮ︾᠂ ᠵᠡᠮᠳᠡᠭ ᠪᠣᠯᠬᠤ ᠠᠴᠠ ᠰᠡᠷᠭᠡᠶᠢᠯᠡᠬᠦ | ᠮᠡᠳᠡᠯᠭᠡ ᠶᠢᠨ ᠭᠠᠷ ᠳᠡᠪᠲᠡᠷ᠂ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠭᠠᠷ ᠳᠡᠪᠲᠡᠷ | ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ | ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠤᠷ ᠲᠤ᠂ ᠰᠢᠶᠠᠨ ᠤ ᠵᠡᠮᠳᠡᠭᠴᠦᠳ ᠤᠨ | ᠬᠤᠯᠪᠣᠭ᠎ᠠ ᠶᠢᠨ ᠬᠢᠨ ᠠᠵᠢᠯ ᠤᠯᠬᠤ ᠬᠦᠰᠡᠯ ᠲᠠᠢ ᠵᠡᠮᠳᠡᠭ ᠵᠠᠯᠠᠭᠤᠴᠤᠳ ᠢ ᠵᠣᠬᠢᠶᠠᠨ ᠪᠠᠶᠢᠭᠤᠯᠤᠨ ᠠᠵᠢᠯᠲᠠᠨ | ᠡᠯᠰᠡᠬᠦ ᠴᠤᠭᠯᠠᠭᠠᠨ ᠳᠤ ᠣᠷᠣᠯᠴᠠᠭᠤᠯᠤᠭᠰᠠᠨ ᠪᠥᠭᠡᠳ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ | ᠵᠡᠮᠳᠡᠭᠴᠦᠳ ᠤᠨ ᠬᠤᠪᠢ ᠬᠥᠮᠦᠨ ᠤ ᠲᠣᠪᠴᠢ ᠨᠠᠮᠲᠠᠷ ᠪᠠ ᠠᠵᠢᠯ ᠡᠷᠢᠬᠦ ᠰᠠᠨᠠᠮᠵᠢ ᠶᠢ ᠬᠠᠩᠭᠠᠭᠰᠠᠨ ᠪᠠᠶᠢᠨ᠎ᠠ᠃ | ᠬᠤᠷᠢᠨᠭᠡᠷ ᠰᠢᠶᠠᠨ ᠤ ᠢ ᠵᠢᠶᠠ ᠵᠡᠮᠳᠡᠭᠴᠦᠳ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠲᠥᠪ ᠢ ᠤᠷᠢᠨ ᠬᠡᠷᠡᠭᠯᠡᠬᠦ ᠠᠵᠤ ᠠᠬᠤᠶᠢᠯᠠᠯ ᠤᠨ ᠬᠤᠪᠢ ᠪᠠᠷ ᠲᠣᠰ ᠤᠳᠠᠭᠠᠨ ᠤ ᠤᠷᠢᠨ | ᠬᠡᠷᠡᠭᠯᠡᠬᠦ ᠠᠵᠢᠯᠯᠠᠭ᠎ᠠ ᠳᠤ ᠣᠷᠣᠯᠴᠠᠭᠤᠯᠵᠤ᠂ ᠲᠡᠳᠡᠨ ᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠲᠠᠢ | ᠵᠣᠬᠢᠴᠠᠯᠳᠤᠭᠰᠠᠨ ᠵᠡᠮᠳᠡᠭ ᠠᠵᠢᠯᠲᠠᠨ ᠢ ᠤᠷᠢᠨ ᠬᠡᠷᠡᠭᠯᠡᠬᠦ ᠳᠤ ᠬᠦᠴᠦᠨ ᠨᠡᠮᠡᠷᠢᠯᠡᠪᠡ᠃ ᠰᠢᠶᠠᠨ ᠤ ᠵᠡᠮᠳᠡᠭᠴᠦᠳ ᠤᠨ | ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠭᠦᠸᠧ ᠸᠧᠨ ᠰᠢᠤᠢ ᠠᠵᠢᠯᠲᠠᠨ ᠡᠯᠰᠡᠬᠦ ᠲᠤᠬᠠᠢ ᠶᠢᠨ | ᠲᠠᠯᠠᠪᠠᠢ ᠳᠤ ᠥᠪᠥᠷ ᠮᠣᠩᠭᠤᠯ ᠤᠨ ᠵᠧᠩ ᠳ᠋ᠡ ᠢᠳᠡᠭᠡᠨ ᠤ ᠬᠢᠵᠠᠭᠠᠷᠲᠤ ᠺᠣᠮᠫᠠᠨᠢ ᠲᠠᠢ ᠵᠥᠪᠳᠡᠯᠴᠡᠵᠦ᠂ ᠠᠵᠢᠯ | ᠤᠯᠬᠤ ᠳᠤ ᠬᠦᠴᠢᠷᠲᠡᠢ ᠵᠡᠮᠳᠡᠭᠴᠦᠳ ᠲᠤ ᠠᠵᠢᠯ ᠤᠨ ᠪᠠᠶᠢᠷᠢ ᠣᠯᠭᠤᠵᠠᠢ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠥᠷᠨᠢᠭᠦᠯᠦᠭᠰᠡᠨ ᠨᠢ ᠳᠡᠭᠡᠳᠦ ᠰᠤᠷᠭᠠᠭᠤᠯᠢ | ᠲᠡᠭᠦᠰᠦᠭᠰᠡᠨ ᠰᠣᠷᠣᠭᠴᠢ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ᠂ ᠵᠠᠰᠠᠭ ᠤᠨ ᠣᠷᠳᠣᠨ᠂ ᠰᠤᠷᠭᠠᠭᠤᠯᠢ᠂ ᠠᠵᠤ ᠠᠬᠤᠶᠢᠯᠠᠯ ᠤᠨ ᠭᠦᠨ ᠲᠠᠰ | ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠵᠡᠮᠳᠡᠭᠴᠦᠳ ᠤᠨ ᠲᠣᠭᠲᠠᠪᠤᠷᠢᠲᠠᠶ ᠠᠵᠢᠯ ᠣᠯᠭᠤᠯᠲᠠ ᠶᠢ | ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠬᠤᠶᠢᠰᠢᠳᠠ᠂ ᠰᠢᠶᠠᠨ ᠤ ᠵᠡᠮᠳᠡᠭᠴᠦᠳ ᠤᠨ | ᠬᠤᠯᠪᠣᠭ᠎ᠠ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠰᠢᠶᠠᠨ ᠤ | ᠵᠡᠮᠳᠡᠭᠴᠦᠳ ᠤᠨ ᠤᠷᠢᠯᠭ᠎ᠠ ᠶᠢ ᠢᠳᠡᠪᠬᠢᠲᠡᠶ ᠪᠠᠷ ᠬᠦᠯᠢᠶᠡᠬᠦ ᠪᠠᠷ ᠴᠢᠷᠮᠠᠶᠢᠵᠤ᠂ ᠰᠠᠨᠠᠭᠠᠨ ᠳᠠᠭᠠᠨ ᠳᠠᠭᠠᠷᠠᠭᠰᠠᠨ | ᠠᠵᠢᠯ ᠤᠨ ᠪᠠᠶᠢᠷᠢ ᠣᠯᠵᠤ᠂ ᠬᠤᠪᠢ ᠬᠥᠮᠦᠨ ᠤ ᠦᠨ᠎ᠡ ᠥᠷᠲᠡᠭ ᠢᠶᠠᠨ ᠪᠡᠶᠡᠯᠡᠭᠦᠯᠬᠦ ᠪᠠᠷ ᠴᠢᠷᠮᠠᠶᠢᠨ᠎ᠠ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |