ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠮᠠᠨ ᠤ ᠰᠢᠶᠠᠨ ᠤ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ 8 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠰᠢᠶᠠᠨ ᠤ ᠳᠠᠷᠤᠭ᠎ᠠ ᠭᠤᠤ ᠹᠧᠩ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠪᠥᠬᠦ ᠰᠢᠶᠠᠨ ᠤ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ | ᠵᠢᠭᠠᠨ ᠵᠢᠯᠣᠭᠤᠳᠪᠠ᠃ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠪᠠᠷ᠎ᠠ ᠪᠣᠯᠵᠣ᠂ ᠰᠢᠶᠠᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠬᠤ ᠪᠠᠭ᠂ ᠪᠠᠶᠢᠴᠠᠭᠠᠯᠲᠠ ᠶᠢᠨ ᠬᠤᠪᠢᠶᠠᠷᠢ ᠲᠥᠪ᠂ | ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠤᠯᠴᠠᠪᠠ᠃ | ᠬᠤᠷᠠᠯ ᠳᠡᠭᠡᠷ᠎ᠡ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠭᠤᠣ ᠹᠧᠩ ᠳᠤ ᠪᠦᠬᠦ | ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠡᠭᠦᠨ ᠳᠤ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢ ᠪᠠᠶᠢᠭᠤᠯᠬᠤ᠂ ᠬᠤᠶᠠᠷ ᠠᠵᠢᠯᠳᠠᠨ ᠢ ᠰᠣᠩᠭᠤᠨ ᠤᠷᠢᠬᠤ᠂ ᠠᠵᠢᠯ ᠤᠨ ᠠᠬᠢᠴᠠ᠂ | ᠤᠬᠠᠭᠤᠯᠭ᠎ᠠ ᠶᠢᠨ ᠠᠵᠢᠯ ᠵᠡᠷᠭᠡ ᠠᠭᠤᠯᠭ᠎ᠠ ᠶᠢ ᠪᠠᠭᠲᠠᠭᠠᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ | ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ ᠬᠠᠮᠲᠤ ᠲᠦᠭᠦᠮ ᠲᠣᠳᠣᠷᠬᠠᠶᠢᠯᠠᠯᠲᠠ ᠬᠢᠭᠰᠡᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ᠂ ᠠᠷᠭ᠎ᠠ ᠬᠡᠮᠵᠢᠶ᠎ᠡ ᠵᠡᠷᠭᠡ | ᠲᠠᠯ᠎ᠠ ᠪᠠᠷ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠦ᠂ ᠤᠯᠤᠰ ᠤᠨ ᠢᠯᠭᠠᠷᠠᠭᠤᠯᠤᠨ ᠪᠠᠶᠢᠴᠠᠭᠠᠬᠤ ᠠᠵᠢᠯ | ᠪᠣᠯᠤᠨ ᠤᠬᠠᠭᠤᠯᠭ᠎ᠠ ᠵᠡᠷᠭᠡ ᠲᠠᠯ᠎ᠠ ᠶᠢᠨ ᠪᠣᠳᠠᠲᠠᠢ ᠵᠦᠢᠯᠡᠰ ᠢ ᠭᠤᠣᠯᠳᠠᠯᠭ᠎ᠠ ᠲᠠᠢ ᠴᠢᠬᠤᠯᠠᠴᠢᠯᠠᠭᠰᠠᠨ ᠪᠠᠶᠢᠨ᠎ᠠ᠃ | ᠭᠤᠤ ᠹᠧᠩ ᠴᠢᠬᠤᠯᠠᠴᠢᠯᠠᠬᠤ ᠳᠠᠭᠠᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠪᠣᠯ ᠰᠢᠨ᠎ᠡ ᠴᠠᠭ ᠦᠶ᠎ᠡ ᠶᠢᠨ ᠤᠯᠤᠰ ᠤᠨ ᠠᠵᠤ ᠠᠬᠤᠶ ᠶᠢᠨ ᠨᠢᠭᠡᠨ ᠤᠳᠠᠭᠠᠨ ᠤ ᠪᠡᠶ᠎ᠡ | ᠶᠢᠨ ᠪᠠᠶᠢᠴᠠᠭᠠᠯᠲᠠ ᠮᠦᠨ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠨᠢ ᠰᠢᠶᠠᠨ ᠤ ᠠᠵᠤ ᠠᠬᠤᠶ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠮᠠᠨ ᠤ | ᠰᠢᠶᠠᠨ ᠤ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠪᠣᠳᠠᠲᠤ ᠪᠠᠶᠢᠳᠠᠯ ᠢ ᠡᠵᠡᠮᠰᠢᠵᠦ᠂ | ᠪᠥᠬᠦ ᠰᠢᠶᠠᠨ ᠤ ᠠᠵᠤ ᠠᠬᠤᠶ ᠶᠢᠨ ᠪᠥᠬᠦ ᠪᠠᠶᠢᠳᠠᠯ ᠢ ᠦᠨᠡᠨ ᠮᠥᠨ ᠢᠶᠠᠷ ᠨᠢ ᠲᠤᠰᠬᠠᠬᠤ ᠬᠡᠷᠡᠭᠲᠡᠶ᠂ ᠡᠨᠡ ᠨᠢ | ᠬᠤᠷᠢᠨᠭᠡᠷ ᠰᠢᠶᠠᠨ ᠤ ᠢᠷᠡᠭᠡᠳᠦᠶ ᠶᠢᠨ ᠠᠵᠤ ᠠᠬᠤᠶ ᠶᠢᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ | ᠶᠤᠮ᠃ ︽ᠬᠤᠶᠠᠷ ᠠᠵᠢᠯᠲᠠᠨ︾ ᠤ ᠡᠩᠨᠡᠭᠡ ᠶᠢᠨ ᠬᠦᠴᠦᠨ ᠤ ᠵᠠᠷᠤᠳᠠᠯ ᠢ ᠨᠠᠶᠢᠳᠠᠪᠤᠷᠢᠵᠢᠭᠤᠯᠬᠤ ᠠᠵᠢᠯ ᠢ ᠡᠷᠬᠡᠪᠰᠢ | ᠪᠠᠲᠤᠯᠠᠬᠤ ᠬᠡᠷᠡᠭᠲᠡᠶ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠭᠡᠷ ᠤᠨ ᠪᠡᠯᠡᠳᠬᠡᠯ ᠠᠵᠢᠯ ᠤᠨ | ᠳᠤᠭᠤᠶᠢᠯᠠᠩ ᠤᠨ ᠬᠢᠨ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ | ︾ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ | ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠵᠢᠯ ᠤᠨ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠠᠰᠠᠭ ᠤᠨ | ᠣᠷᠳᠣᠨ ᠠᠴᠠ ᠰᠢᠶᠠᠨ ᠤ ᠰᠢᠮᠳᠠᠭᠤᠯᠤᠨ ᠪᠠᠶᠢᠴᠠᠭᠠᠬᠤ ᠠᠯᠪᠠᠨ ᠬᠡᠷ᠂ ᠰᠢᠶᠠᠨ ᠤ ᠨᠠᠮ ᠤᠨ ᠬᠤᠷᠢᠶ᠎ᠠ ᠶᠢᠨ | ᠤᠬᠠᠭᠤᠯᠬᠤ ᠰᠠᠯᠠᠭ᠎ᠠ ᠮᠥᠴᠢᠷ ᠲᠠᠢ ᠵᠣᠬᠢᠴᠠᠭᠤᠯᠤᠨ ᠪᠥᠬᠦ ᠰᠢᠶᠠᠨ ᠤ ︽ᠲᠠᠪᠤᠳᠤᠭᠠᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠳᠤ ᠬᠢᠨᠠᠯᠲᠠ ᠲᠠᠯᠪᠢᠬᠤ᠂ ᠤᠬᠠᠭᠤᠯᠬᠤ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠰᠢᠶᠠᠨ ᠢᠶᠠᠷ ᠢᠶᠠᠨ ︽ᠨᠢᠭᠡ | ᠬᠥᠯᠭᠡ ᠰᠢᠲᠠᠷ᠎ᠠ︾ ᠪᠠᠷ ᠬᠠᠮᠲᠤᠪᠠᠷ ᠳᠥᠯᠭᠢᠨ ᠠᠬᠢᠭᠤᠯᠬᠤ ᠶᠢ ᠪᠡᠶᠡᠯᠡᠭᠦᠯᠵᠦ᠂ ᠪᠥᠬᠦ ᠰᠢᠶᠠᠨ ᠤ ᠲᠠᠪᠤᠨ ᠠᠵᠤ | ᠠᠬᠤᠶ ᠶᠢ ᠲᠦᠭᠡᠮᠡᠯᠵᠢᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠥᠨᠳᠥᠷ ᠦᠷ᠎ᠡ | ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |