ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 20 ᠳ᠋ᠤᠭᠠᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ 2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ | ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 5 ᠰᠠᠷ᠎ᠠ ᠶᠢᠨ 31 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠥᠬᠡᠬᠤᠲᠠ ᠶᠢᠨ 2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠣᠯ ᠵᠠᠰᠠᠭ ᠤᠨ | ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ | ᠢᠲᠡᠭᠡᠭᠦᠯᠬᠦ ᠬᠦᠴᠦᠨ ᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠪᠠᠷᠢᠯ ᠮᠥᠨ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ | ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ | ᠠᠭᠤᠯᠭ᠎ᠠ ᠮᠥᠨ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ︽ᠰᠤᠷᠲᠠᠯ ᠢᠶᠠᠨ | ᠬᠤᠪᠢᠷᠠᠭᠤᠯᠵᠤ᠂ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ︾ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠮᠠᠨ ᠤ ᠤᠯᠤᠰ ᠤᠨ ᠬᠤᠲᠠ ᠶᠢᠨ ᠶᠠᠪᠤᠳᠠᠯ ᠢ ᠢᠯᠡ ᠪᠣᠯᠭᠠᠬᠤ | ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠲᠣᠰ ᠭᠤᠤᠯᠳᠠᠯᠭ᠎ᠠ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠤᠷᠲᠠᠯ ᠢ ᠬᠤᠪᠢᠷᠠᠭᠤᠯᠬᠤ | ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠪᠠᠷ ᠲᠣᠬᠢᠶᠠᠯ ᠪᠣᠯᠭᠠᠨ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠢᠯᠡ ᠪᠣᠯᠭᠠᠬᠤ ᠪᠠᠷ | ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠬᠢᠨᠠᠯᠲᠠ ᠲᠠᠯᠪᠢᠬᠤ ᠶᠢ ᠳᠡᠮᠵᠢᠬᠦ᠂ ᠦᠢᠯᠡᠴᠢᠯᠡᠭᠡ ᠶᠢ ᠴᠢᠩᠭᠠᠳᠬᠠᠬᠤ ᠶᠢ | ᠪᠠᠷᠢᠮᠲᠠᠯᠠᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ | ᠪᠦᠲᠦᠮᠵᠢᠲᠡᠶ ᠳᠡᠭᠡᠭᠰᠢᠯᠡᠭᠦᠯᠵᠦ᠂ ᠢᠯᠡ ᠲᠣᠳᠣ ᠶᠢᠨ ᠬᠡᠮᠵᠢᠶ᠎ᠡ ᠪᠠᠷ ᠥᠨᠳᠥᠷ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢᠶᠠᠷ ᠰᠢᠯᠢᠳᠡᠭ ᠲᠥᠪ ᠬᠤᠲᠠ ᠶᠢ ᠴᠢᠷᠮᠠᠶᠢᠨ ᠪᠠᠶᠢᠭᠤᠯᠤᠨ᠎ᠠ᠃ | ︵ᠬᠤᠶᠠᠷ︶ ᠠᠵᠢᠯ ᠤᠨ ᠬᠠᠷᠠᠯᠲᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠠᠮᠢᠶᠠᠷᠤᠯᠲᠠ ᠪᠠᠷ ᠬᠥᠳᠡᠯᠭᠡᠭᠦᠷ | ᠪᠣᠯᠭᠠᠵᠤ ᠪᠠᠶᠢᠭᠰᠠᠨ ᠠᠴᠠ ᠬᠡᠷᠡᠭᠴᠡᠭᠡ ᠱᠠᠭᠠᠷᠳᠠᠯᠭ᠎ᠠ ᠪᠠᠷ ᠬᠥᠳᠡᠯᠭᠡᠭᠦᠷ ᠪᠣᠯᠭᠠᠬᠤ ᠲᠡᠶᠢᠰᠢ ᠬᠤᠪᠢᠷᠠᠭᠤᠯᠬᠤ ᠶᠢ | ᠠᠯᠬᠤᠮ ᠠᠯᠬᠤᠮ ᠢᠶᠠᠷ ᠠᠬᠢᠭᠤᠯᠵᠤ᠂ ᠢᠯᠡ ᠪᠣᠯᠭᠠᠬᠤ ᠲᠤᠭ᠎ᠠ ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ | ᠢᠯᠡ ᠪᠣᠯᠭᠠᠬᠤ ᠶᠠᠰᠤ ᠴᠢᠨᠠᠷ ᠪᠠ ᠭᠦᠨᠴᠡ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠶᠢ ᠠᠯᠬᠤᠮ | ᠠᠯᠬᠤᠮ ᠢᠶᠠᠷ ᠠᠬᠢᠭᠤᠯᠵᠤ᠂ ︽ᠭᠠᠭᠴᠠ ᠴᠢᠭᠯᠡᠯ ᠢᠶᠠᠷ ᠭᠠᠳᠠᠭᠰᠢ ᠭᠠᠷᠭᠠᠵᠤ︾ ᠪᠠᠶᠢᠭᠰᠠᠨ ᠠᠴᠠ ︽ᠬᠤᠤᠰ | ᠴᠢᠭᠯᠡᠯ ᠢᠶᠠᠷ ᠤᠷᠤᠭᠰᠢᠯᠠᠬᠤ︾ ᠲᠡᠶᠢᠰᠢ ᠬᠤᠪᠢᠷᠠᠭᠤᠯᠤᠨ᠎ᠠ᠃ ᠡᠷᠬᠡ ᠰᠦᠷ ᠲᠠᠢ᠂ ᠪᠦᠬᠦ ᠲᠠᠯ᠎ᠠ ᠶᠢᠨ᠂ ᠴᠠᠭ | ᠲᠤᠬᠠᠶ ᠳᠤᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠢ ᠴᠢᠷᠮᠠᠶᠢᠨ ᠪᠠᠶᠢᠭᠤᠯᠵᠤ᠂ ᠬᠤᠲᠠ᠂ ᠬᠤᠰᠢᠭᠤ | ᠰᠢᠶᠠᠨ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠷᠪᠠᠨ ᠱᠠᠲᠤ ᠶᠢ ᠬᠤᠯᠪᠣᠭᠰᠠᠨ ᠪᠥᠬᠦ | ᠬᠤᠲᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠥᠮᠥᠷᠭᠡ ᠶᠢ ᠠᠩᠬ᠎ᠠ ᠠᠯᠬᠤᠮ ᠪᠠᠶᠢᠭᠤᠯᠵᠤ᠂ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠠᠴᠢᠯᠠᠨ ᠴᠤᠭᠯᠠᠭᠤᠯᠬᠤ ᠪᠠ ᠬᠥᠳᠡᠯᠦᠩᠭᠦᠶ ᠪᠠᠷ | ᠳᠣᠭᠢᠷᠠᠭᠤᠯᠬᠤ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠢᠯᠡ ᠪᠣᠯᠭᠠᠬᠤ ᠮᠡᠳᠡᠭᠡ ᠵᠠᠩᠭᠢ ᠶᠢᠨ | ᠬᠡᠷᠡᠭᠯᠡᠭᠡᠨ ᠤ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠤᠨ᠂ ᠵᠠᠰᠠᠭ ᠠᠷᠠᠳ ᠤᠨ ᠬᠠᠷᠢᠯᠴᠠᠨ ᠦᠢᠯᠡᠳᠦᠯᠴᠡᠭᠰᠡᠨ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠠᠷᠠᠳ ᠣᠯᠠᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ | ᠬᠤᠶᠠᠷ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠰᠠᠶᠢᠲᠤᠷ ᠬᠢᠨ᠎ᠡ | ︵ᠭᠤᠷᠪᠠ︶ ᠭᠤᠤᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ | ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠨ᠎ᠡ᠃ ︽ᠬᠤᠶᠠᠷ ᠬᠠᠯᠬᠠᠪᠴᠢ︾ ︽ᠬᠤᠶᠠᠷ ᠰᠠᠭᠤᠷᠢᠨ | ᠭᠠᠵᠠᠷ︾ ︽ᠨᠢᠭᠡ ᠬᠥᠭᠦᠷᠭᠡᠨ ᠪᠠᠬᠢᠯᠡᠯᠲᠡ︾ ᠶᠢᠨ ᠪᠥᠲᠥᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ | ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠴᠣᠭᠴᠠᠯᠠᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢ ᠪᠥᠲᠥᠭᠡᠨ ᠪᠠᠶᠢᠭᠤᠯᠬᠤ᠂ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠢ ᠳᠥᠯᠭᠢᠨ ᠠᠬᠢᠭᠤᠯᠬᠤ᠂ ᠳᠡᠭᠡᠳᠦ ᠲᠠᠰ ᠤᠨ ᠦᠢᠯᠡᠳᠬᠦ ᠦᠢᠯᠡᠰ ᠢ ᠬᠥᠭᠵᠢᠭᠦᠯᠬᠦ ᠵᠡᠷᠭᠡ ᠭᠤᠣᠯᠳᠠᠯᠭ᠎ᠠ | ᠶᠢᠨ ᠲᠣᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠨ᠎ᠠ᠃ ︽︿ᠵᠢᠷᠭᠤᠭᠠᠨ ᠶᠡᠭᠡ ᠠᠵᠤ | ᠦᠢᠯᠡᠰ ᠤᠨ ᠪᠦᠭᠡᠮᠨᠡᠷᠡᠯ﹀ + ᠣᠲᠣ ᠦᠶ᠎ᠡ ᠶᠢᠨ ᠦᠢᠯᠡᠴᠢᠯᠡᠭᠡᠨ ᠤ ᠦᠢᠯᠡᠰ︾ ᠤᠨ ᠠᠵᠤ ᠦᠢᠯᠡᠰ ᠤᠨ | ᠬᠥᠭᠵᠢᠯᠲᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠣᠷᠣᠨ ᠤ ᠲᠥᠪ ᠤᠨ ᠠᠵᠤ | ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠦᠷ᠎ᠡ ᠠᠰᠢᠭ ᠢ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠨ᠎ᠡ᠃ ︽ᠨᠢᠭᠡ ᠪᠠᠷ ᠭᠤᠤᠯ ᠪᠣᠯᠭᠠᠵᠤ ᠨᠢᠭᠡ ᠪᠠᠷ ᠳᠡᠳ᠋ᠯᠡᠭᠦᠯᠬᠦ︾᠂ ︽ᠨᠢᠭᠡ ᠴᠥᠮ᠎ᠡ ᠬᠤᠶᠠᠷ ᠵᠢᠭᠦᠷ︾ | ᠤᠨ ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠴᠠᠭ ᠲᠤᠬᠠᠶ ᠳᠤᠨᠢ ᠢᠯᠡ ᠪᠣᠯᠭᠠᠵᠤ᠂ ︽ᠨᠢᠭᠡ | ᠬᠥᠨᠳᠡᠯᠡᠨ᠂ ᠬᠤᠶᠠᠷ ᠭᠤᠯᠳᠤ᠂ ᠳᠥᠷᠪᠡᠨ ᠴᠠᠭᠠᠷᠢᠭ᠂ ᠭᠤᠷᠪᠠᠨ ᠬᠦᠢᠰᠦ︾ ᠶᠢᠨ ᠬᠤᠲᠠ ᠶᠢᠨ ᠪᠣᠰᠤᠭ᠎ᠠ | ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠪᠠ ︽ᠬᠤᠶᠠᠷ ᠬᠠᠯᠬᠠᠪᠴᠢ᠂ ᠳᠥᠷᠪᠡᠨ ᠪᠦᠰᠡ︾ ᠶᠢᠨ | ᠬᠤᠲᠠ ᠶᠢᠨ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠵᠡᠷᠭᠡ ᠲᠠᠯ᠎ᠠ ᠶᠢᠨ ᠮᠡᠳᠡᠭᠡ ᠵᠠᠩᠭᠢ ᠶᠢ | ᠲᠡᠭᠦᠯᠳᠡᠷᠵᠢᠭᠦᠯᠦᠨ᠎ᠡ᠃ | ︵ᠳᠥᠷᠪᠡ︶ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ | ᠪᠠᠶᠢᠳᠠᠯ ᠢ ᠢᠯᠡ ᠪᠣᠯᠭᠠᠨ᠎ᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠲᠣᠶᠢᠯᠪᠣᠷᠢᠲᠠᠢ ᠪᠠᠶᠢᠴᠠᠭᠠᠬᠤ | ᠠᠵᠢᠯᠯᠠᠭ᠎ᠠ᠂ ︽ᠬᠠᠭᠠᠰ ᠳᠤᠲᠠᠭᠤ︾ ᠢᠨᠵᠧᠨᠧᠷᠢᠩ ᠤᠨ ᠲᠣᠶᠢᠯᠪᠣᠷᠢᠲᠠᠢ ᠪᠠᠶᠢᠴᠠᠭᠠᠬᠤ ᠠᠵᠢᠯᠯᠠᠭ᠎ᠠ᠂ ᠳᠠᠷᠤᠭᠳᠠᠵᠤ | ᠪᠠᠶᠢᠭ᠎ᠠ ᠪᠠᠯᠠ ᠮᠥᠩᠭᠦ ᠶᠢᠨ ᠲᠣᠶᠢᠯᠪᠣᠷᠢᠲᠠᠢ ᠪᠠᠶᠢᠴᠠᠭᠠᠬᠤ ᠲᠤᠰᠬᠠᠶ ᠵᠦᠢᠯ ᠤᠨ ᠠᠵᠢᠯᠯᠠᠭ᠎ᠠ᠂ ᠨᠡᠭᠡᠭᠡᠯᠲᠡ ᠶᠢᠨ | ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠤᠨ ᠲᠣᠶᠢᠯᠪᠣᠷᠢᠲᠠᠢ ᠪᠠᠶᠢᠴᠠᠭᠠᠬᠤ ᠠᠵᠢᠯᠯᠠᠭ᠎ᠠ᠂ | ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢᠨ ᠲᠣᠶᠢᠯᠪᠣᠷᠢᠲᠠᠢ | ᠪᠠᠶᠢᠴᠠᠭᠠᠬᠤ ᠰᠢᠩᠭᠡᠭᠡᠨ ᠰᠢᠢᠳᠪᠦᠷᠢᠯᠡᠬᠦ ᠠᠵᠢᠯ ᠤᠨ ᠲᠣᠭᠤᠷᠢᠨ ᠳᠤ᠂ ᠲᠦᠷᠢᠮ ᠤᠨ ᠪᠠᠶᠢᠭᠤᠯᠤᠯᠲᠠ᠂ ᠠᠵᠢᠯ ᠤᠨ | ᠠᠬᠢᠭᠤᠯᠤᠯ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠨ᠎ᠡ᠃ | ︵ᠲᠠᠪᠤ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠭᠡᠳᠬᠡᠬᠦ ᠮᠡᠳᠡᠭᠡ ᠵᠠᠩᠭᠢ ᠶᠢ ᠢᠯᠡ | ᠪᠣᠯᠭᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ᠂ ᠬᠤᠳᠠᠯᠳᠤᠭᠠᠴᠢᠨ ᠤᠷᠢᠬᠤ | ᠲᠥᠷᠥᠯ ᠵᠦᠢᠯ᠂ ᠪᠠᠯᠠ ᠣᠷᠣᠭᠤᠯᠤᠯᠲᠠ ᠶᠢᠨ ᠥᠪᠡᠷ ᠤᠨ ᠥᠷᠲᠡᠭ᠂ ᠵᠠᠮ ᠬᠠᠷᠢᠯᠴᠠᠭ᠎ᠠ᠂ ᠴᠢᠳᠠᠪᠤᠷᠢᠲᠠᠨ ᠵᠡᠷᠭᠡ | ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ | ᠳᠠᠪᠠᠭᠤᠯᠢᠭ ᠪᠠ ᠣᠨᠴᠠᠯᠢᠭᠲᠤ ᠠᠵᠤ ᠦᠢᠯᠡᠰ ᠤᠨ ᠪᠠᠶᠢᠳᠠᠯ ᠵᠡᠷᠭᠡ ᠶᠢᠨ ᠲᠣᠭᠤᠷᠢᠨ ᠳᠤ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ | ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠮᠥᠩᠭᠦ ᠶᠢᠨ | ᠨᠥᠬᠦᠪᠥᠷᠢ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠬᠠᠪᠰᠤᠷᠤᠨ ᠲᠡᠳᠬᠦᠬᠦ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠠᠵᠢᠯ ᠢ ᠴᠢᠩᠭᠠᠳᠬᠠᠨ᠎ᠠ᠃ | ᠭᠤᠷᠪᠠ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠬᠠᠮᠢᠶᠠᠷᠤᠯᠲᠠ ᠵᠢᠴᠢ ᠢᠯᠡ ᠪᠣᠯᠭᠠᠬᠤ ᠶᠢ | ᠰᠠᠶᠢᠲᠤᠷ ᠬᠢᠨ᠎ᠡ | ︵ᠵᠢᠷᠭᠤᠭ᠎ᠠ︶ ᠲᠥᠷᠥ ᠶᠢᠨ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠶᠢ ᠰᠠᠶᠢᠲᠤᠷ ᠬᠢᠨ᠎ᠠ᠃ | ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ | ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢᠨ ᠰᠠᠨᠠᠯ | ᠬᠤᠷᠢᠶᠠᠬᠤ ᠨᠣᠤᠷᠠᠭ ᠢ ᠴᠠᠭ ᠲᠤᠬᠠᠶ ᠳᠤᠨᠢ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠥᠰᠦᠯ ᠢ ᠤᠩᠰᠢᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠰᠠᠨᠠᠯ ᠬᠤᠷᠢᠶᠠᠬᠤ᠂ ᠪᠠᠶᠢᠴᠠᠭᠠᠨ ᠰᠤᠳᠤᠯᠵᠤ ᠶᠠᠷᠢᠯᠴᠠᠬᠤ᠂ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ | ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ | ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ ᠰᠠᠨᠠᠯ ᠬᠤᠷᠢᠶᠠᠭᠰᠠᠨ | ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠣᠯᠠᠨ ᠨᠡᠶᠢᠲᠡ ᠶᠢᠨ ᠬᠠᠷᠢᠭᠤ ᠲᠤᠰᠬᠠᠭᠰᠠᠨ ᠪᠠᠶᠢᠳᠠᠯ ᠢ | ᠲᠥᠷᠥ ᠶᠢᠨ ᠪᠣᠳᠣᠯᠭ᠎ᠠ ᠲᠣᠭᠲᠠᠭᠠᠬᠤ ᠳᠤᠮᠳᠠ ᠪᠦᠲᠦᠮᠵᠢᠲᠡᠶ ᠢᠯᠡᠷᠡᠭᠦᠯᠬᠦ ᠬᠡᠷᠡᠭᠲᠡᠶ᠃ ᠰᠢᠢᠳᠪᠦᠷᠢᠲᠦ ᠪᠣᠳᠣᠯᠭ᠎ᠠ ᠶᠢ | ᠢᠯᠡ ᠪᠣᠯᠭᠠᠬᠤ ᠶᠢ ᠴᠢᠩᠭᠠᠳᠬᠠᠵᠤ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠬᠠᠮᠢᠶᠠᠷᠤᠯᠲᠠ ᠶᠢ | ᠰᠠᠶᠢᠲᠣᠷ ᠬᠢᠨ᠎ᠡ᠃ | ︵ᠳᠣᠯᠤᠭ᠎ᠠ︶ ᠴᠢᠬᠤᠯᠠ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠢᠯᠡ ᠪᠣᠯᠭᠠᠬᠤ ᠶᠢ ᠠᠬᠢᠭᠤᠯᠤᠨ᠎ᠠ᠃ | ᠣᠲᠣ ᠶᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠥᠪᠯᠡᠷᠡᠭᠦᠯᠦᠨ | ᠵᠢᠷᠤᠮᠵᠢᠭᠤᠯᠵᠤ ᠢᠯᠡ ᠪᠣᠯᠭᠠᠬᠤ ᠶᠢ ᠰᠠᠶᠢᠲᠤᠷ ᠬᠢᠵᠦ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ | ᠬᠥᠮᠥᠷᠭᠡ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶᠡᠨ | ᠥᠷᠲᠡᠭᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠲᠤᠰᠬᠠᠶ ᠪᠤᠯᠤᠩ ᠳᠤ | ᠲᠦᠰᠢᠭᠯᠡᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ | ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠥᠮᠥᠷᠭᠡ ᠶᠢ ᠪᠠᠶᠢᠭᠤᠯᠵᠤ᠂ | ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠪᠠ ᠭᠠᠷᠴᠠᠭ ᠢ ᠲᠥᠪᠯᠡᠷᠡᠭᠦᠯᠦᠨ ᠢᠯᠡ ᠪᠣᠯᠭᠠᠵᠤ᠂ ᠲᠤᠭᠲᠠᠭᠠᠭᠰᠠᠨ ᠥᠭᠡᠷᠡᠴᠢᠯᠡᠭᠰᠡᠨ ᠬᠦᠴᠦᠨ ᠥᠬᠡᠶ | ᠪᠣᠯᠭᠠᠭᠰᠠᠨ ᠪᠠᠶᠢᠳᠠᠯ ᠢ ᠦᠨᠳᠦᠰᠦᠯᠡᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠴᠠᠭ | ᠲᠤᠬᠠᠶ ᠳᠤᠨᠢ ᠰᠢᠨᠡᠳᠬᠡᠵᠦ᠂ ᠴᠢᠨᠠᠷ ᠰᠠᠶᠢᠲᠠᠶ ᠨᠡᠶᠢᠲᠡᠯᠡᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠥᠷᠥᠯ ᠬᠤᠪᠢᠶᠠᠨ ᠳᠡᠯᠭᠡᠨ ᠦᠵᠡᠭᠦᠯᠬᠦ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠤᠯ | ᠰᠡᠳᠦᠪ ᠤᠨ ᠬᠤᠪᠢᠶᠠᠷᠢᠯᠠᠯ ᠢ ᠦᠷᠭᠦᠯᠵᠢᠯᠡᠨ ᠳᠣᠭᠢᠷᠠᠭᠤᠯᠤᠨ ᠰᠢᠯᠢᠳᠡᠭᠵᠢᠭᠦᠯᠵᠦ᠂ ᠬᠦᠴᠦᠨᠲᠤ ᠴᠢᠨᠠᠷ ᠪᠤᠶᠤ | ᠬᠦᠴᠦᠨ ᠪᠦᠬᠦ ᠬᠤᠭᠤᠴᠠᠭ᠎ᠠ ᠶᠢ ᠢᠯᠡᠳᠲᠡ ᠢᠯᠡᠳᠬᠡᠨ᠎ᠡ᠃ | ᠪᠥᠬᠦ ᠬᠤᠲᠠ ᠶᠢᠨ ᠨᠢᠭᠡᠳᠦᠯᠲᠡᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ ᠶᠢ | ᠪᠠᠶᠢᠭᠤᠯᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠣᠲᠣ ᠶᠢᠨ | ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠥᠪᠯᠡᠷᠡᠭᠦᠯᠦᠨ ᠴᠤᠭᠯᠠᠭᠤᠯᠵᠤ᠂ ᠲᠥᠷᠥᠯ ᠬᠤᠪᠢᠶᠠᠨ ᠳᠡᠯᠭᠡᠨ ᠦᠵᠡᠭᠦᠯᠵᠦ᠂ ᠨᠢᠭᠡ ᠯᠡ ᠲᠣᠪᠴᠢ ᠪᠠᠷ ᠪᠠᠶᠢᠴᠠᠭᠠᠨ | ᠯᠠᠪᠯᠠᠬᠤ ᠶᠢ ᠬᠡᠷᠡᠭᠵᠢᠭᠦᠯᠦᠨ᠎ᠡ᠃ ᠪᠥᠬᠦ ᠲᠠᠯ᠎ᠠ ᠪᠠᠷ ᠨᠠᠷᠢᠨ ᠨᠢᠮᠪᠠᠶ ᠡᠮᠬᠢᠯᠡᠨ ᠳᠢᠭᠯᠡᠵᠦ᠂ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠢ ᠪᠦᠷᠢᠨ ᠪᠥᠷᠬᠦᠭᠦᠯᠬᠦ᠂ ᠬᠦᠴᠦᠨ ᠵᠦᠢᠯ ᠢ ᠪᠦᠷᠢᠨ ᠪᠠᠶᠢᠯᠭᠠᠬᠤ᠂ ᠲᠥᠷᠥᠯ ᠬᠤᠪᠢᠶᠠᠨ | ᠣᠨᠣᠪᠴᠢᠲᠠᠶ ᠪᠠᠶᠢᠯᠭᠠᠬᠤ ᠶᠢ ᠦᠨᠡᠨᠬᠦ ᠪᠠᠲᠤᠯᠠᠨ᠎ᠠ᠃ | ︵ ᠨᠠᠢᠮᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠬᠢᠭᠡᠳ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠵᠡᠷᠭᠡ ᠳᠤᠨᠢ ᠲᠤᠭᠤᠷᠪᠢᠬᠤ᠂ ᠵᠡᠷᠭᠡ ᠳᠤᠨᠢ ᠬᠢᠨᠠᠨ ᠭᠠᠷ ᠤᠨ ᠥᠰᠥᠭ ᠵᠢᠷᠤᠬᠤ᠂ ᠵᠡᠷᠭᠡ ᠳᠤᠨᠢ | ᠨᠡᠶᠢᠲᠡᠯᠡᠬᠦ ︽ᠭᠤᠷᠪᠠ ᠶᠢ ᠵᠡᠷᠭᠡ ᠳᠤᠨᠢ ᠪᠠᠶᠢᠯᠭᠠᠬᠤ︾ ᠶᠢ ᠪᠠᠷᠢᠮᠲᠠᠯᠠᠨ᠂ ︽ᠤᠩᠰᠢᠨ ᠲᠠᠶᠢᠯᠪᠤᠷᠢᠯᠠᠬᠤ | ᠶᠣᠰᠣᠲᠠᠶ ᠶᠢ ᠨᠢ ᠪᠦᠬᠦᠨ ᠢ ᠤᠩᠰᠢᠨ ᠲᠠᠶᠢᠯᠪᠤᠷᠢᠯᠠᠬᠤ︾ ᠶᠢ ᠪᠡᠶᠡᠯᠡᠭᠦᠯᠦᠨ᠎ᠡ᠃ ᠲᠠᠶᠢᠯᠤᠮᠵᠢ ᠬᠢᠬᠦ ᠮᠠᠲ᠋ᠧᠷᠢᠶᠠᠯ ᠳᠤ | ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ ᠭᠤᠤᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ | ᠬᠡᠷᠡᠭᠵᠢᠭᠦᠯᠬᠦ ᠪᠠᠷᠢᠮᠵᠢᠶ᠎ᠠ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ | ᠬᠡᠮᠵᠢᠶ᠎ᠡ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ ᠵᠡᠷᠭᠡ ᠮᠥᠨ ᠴᠢᠨᠠᠷ ᠤᠨ ᠠᠭᠤᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ ᠶᠢ ᠬᠡᠷᠡᠭᠯᠡᠨ᠂ ᠵᠢᠷᠤᠭ ᠤᠨ ᠲᠠᠶᠢᠯᠪᠤᠷᠢ᠂ | ᠺᠠᠷᠲ᠋ᠣᠨ ᠵᠢᠷᠤᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢ ᠬᠡᠷᠡᠭᠯᠡᠨ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠯᠣᠭᠤᠳᠣᠯᠭ᠎ᠠ ᠶᠢ ᠲᠣᠳᠣᠷᠬᠠᠶ ᠬᠠᠩᠭᠠᠬᠤ ᠶᠢᠨ ᠬᠠᠮᠲᠤ | ᠨᠡᠶᠢᠭᠡᠮ ᠤᠨ ᠠᠩᠬᠠᠷᠤᠯ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠰᠠᠨᠠᠭ᠎ᠠ | ᠵᠣᠷᠢᠯᠲᠠ ᠶᠢ ᠪᠥᠬᠦ ᠲᠠᠯ᠎ᠠ ᠪᠠᠷ ᠣᠨᠣᠪᠴᠢᠲᠠᠶ ᠳᠠᠮᠵᠢᠭᠤᠯᠤᠨ᠎ᠠ᠃ | ᠳᠥᠷᠪᠡ᠂ ᠪᠠᠷᠢᠮᠵᠢᠶᠠᠵᠢᠭᠤᠯᠬᠤ ᠵᠢᠷᠤᠮᠵᠢᠭᠤᠯᠬᠤ ᠶᠢᠨ ᠲᠣᠭᠤᠷᠢᠨ ᠳᠤ ᠠᠵᠢᠯ ᠤᠨ ᠰᠠᠭᠤᠷᠢ ᠪᠠᠨ | ᠪᠠᠳᠤᠳᠬᠠᠨ᠎ᠠ | ︵ᠶᠢᠰᠦ︶ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠢᠮᠠᠨ ᠵᠦᠢᠯ ᠤᠨ ᠣᠷᠣᠨ ᠨᠤᠲᠤᠭ ᠤᠨ | ᠪᠠᠷᠢᠮᠵᠢᠶ᠎ᠠ ᠪᠠᠷ ᠰᠠᠭᠤᠷᠢ ᠪᠣᠯᠭᠠᠨ᠂ ᠮᠠᠨ ᠤ ᠬᠤᠲᠠ ᠶᠢᠨ ᠲᠤᠷᠰᠢᠯᠲᠠ ᠶᠢᠨ ᠠᠵᠢᠯ ᠤᠨ ᠲᠤᠷᠰᠢᠯᠭ᠎ᠠ ᠬᠢᠳᠡᠯ ᠲᠠᠢ | ᠤᠶᠠᠯᠳᠤᠭᠤᠯᠵᠤ᠂ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠵᠢᠯᠲᠠ ᠲᠠᠢ | ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠬᠠᠤᠯᠢ ᠶᠣᠰᠣᠭᠠᠷ ᠭᠦᠢᠴᠡᠳᠬᠡᠬᠦ ᠴᠢᠳᠠᠪᠤᠷᠢ ᠪᠠ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ | ︵ᠠᠷᠪᠠ︶ ᠭᠤᠶᠤᠴᠢᠯᠠᠯ ᠢᠶᠠᠷ ᠢᠯᠡ ᠪᠣᠯᠭᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠠᠵᠢᠯ ᠤᠨ ᠦᠵᠡᠯᠲᠡ ᠪᠠᠨ ᠬᠤᠪᠢᠷᠠᠭᠤᠯᠵᠤ᠂ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ | ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶᠡᠨ ᠳᠤ ᠬᠠᠩᠭᠠᠨ᠎ᠠ᠃ | ᠭᠤᠶᠤᠴᠢᠯᠠᠭᠴᠢ ᠯᠤᠭ᠎ᠠ ᠶᠢᠨ ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠭᠴᠢ ᠶᠢᠨ ᠬᠦᠰᠡᠯ | ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠤᠶᠢᠯᠠᠭᠠᠨ᠂ ᠰᠢᠢᠳᠪᠦᠷᠢᠯᠡᠵᠦ ᠬᠠᠷᠢᠭᠤᠯᠲᠠ ᠥᠭᠬᠦ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠭᠤᠶᠤᠴᠢᠯᠠᠯ ᠢᠶᠠᠷ ᠢᠯᠡ ᠪᠠᠷ ᠭᠦᠢᠴᠡᠳᠬᠡᠬᠦ ᠳᠤᠮᠳᠠᠬᠢ ᠬᠢᠨᠠᠨ ᠬᠠᠷᠭᠤᠭᠤᠯᠬᠤ | ᠴᠤᠪᠤᠷᠠᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ | ᠲᠤᠰᠢᠶᠠᠯᠲᠤ ᠬᠠᠤᠯᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠶᠤᠴᠢᠯᠠᠯ ᠢᠶᠠᠷ ᠢᠯᠡ ᠪᠠᠷ ᠬᠠᠷᠢᠭᠤᠯᠲᠠ | ᠥᠭᠬᠦ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠠᠵᠢᠯ ᠳᠤ ᠲᠡᠳᠡᠨ ᠢ ᠣᠷᠣᠯᠴᠠᠭᠤᠯᠤᠨ᠎ᠠ᠃ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠥᠭᠬᠦ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠮᠠᠷᠭᠤᠯᠳᠤᠭᠠᠨ ᠡᠭᠦᠰᠬᠦ ᠨᠤᠷᠮ᠎ᠠ᠂ ᠪᠤᠷᠤᠭᠤ ᠶᠢ | ᠵᠠᠯᠠᠷᠠᠭᠤᠯᠵᠤ ᠵᠠᠷᠭᠤ ᠢᠯᠠᠭᠳᠠᠬᠤ ᠨᠤᠷᠮ᠎ᠠ ᠶᠢ ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠤᠶᠤᠴᠢᠯᠠᠯ ᠤᠨ ᠠᠷᠤ ᠳᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠬᠢᠨᠠᠮᠠᠭᠠᠶ ᠰᠤᠳᠤᠯᠬᠤ ᠶᠢᠨ | ᠬᠠᠮᠲᠤ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠢᠯᠡ ᠪᠣᠯᠭᠠᠬᠤ ᠪᠠᠷ ᠭᠤᠶᠤᠴᠢᠯᠠᠭᠰᠠᠨ ᠤᠳᠠᠭ᠎ᠠ ᠨᠢ ᠥᠨᠳᠥᠷ | ᠪᠠᠶᠢᠬᠤ ᠪᠢᠴᠢᠭ ᠮᠠᠲ᠋ᠧᠷᠢᠶᠠᠯ ᠢ ᠦᠨᠡᠯᠡᠨ ᠵᠢᠱᠢᠵᠦ ᠬᠢᠨᠠᠨ ᠪᠠᠶᠢᠴᠠᠭᠠᠵᠤ᠂ ᠪᠠᠶᠢᠳᠠᠯ ᠤᠨ ᠬᠤᠪᠢᠷᠠᠯᠲᠠ ᠠᠴᠠ ᠪᠣᠯᠵᠣ | ᠢᠯᠡ ᠪᠣᠯᠭᠠᠵᠤ ᠪᠣᠯᠬᠤ ᠶᠢ ᠨᠢ ᠢᠯᠡ ᠪᠣᠯᠭᠠᠨ᠎ᠠ᠃ | ︵ᠠᠷᠪᠠᠨ ᠨᠢᠭᠡ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠬᠤ ᠵᠢᠷᠤᠮᠵᠢᠭᠤᠯᠬᠤ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠤᠯᠤᠰ ᠤᠨ ᠶᠠᠮᠤᠨ ᠵᠥᠪᠯᠡᠯ ᠤᠨ ᠨᠡᠶᠢᠲᠡᠯᠡᠭᠰᠡᠨ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ | ᠪᠣᠯᠭᠠᠬᠤ ᠵᠢᠯᠣᠭᠤᠳᠣᠯᠭ᠎ᠠ ᠶᠢ ᠬᠢᠨᠠᠮᠠᠭᠠᠶ ᠡᠮᠬᠢᠯᠡᠵᠦ᠂ ᠲᠣᠰ ᠭᠠᠵᠠᠷ ᠣᠷᠣᠨ ᠤ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠡᠯ᠎ᠡ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠢ ᠡᠮᠬᠢᠯᠡᠵᠦ | ᠲᠡᠭᠦᠯᠳᠡᠷᠵᠢᠭᠦᠯᠦᠨ᠂ ᠴᠠᠭ ᠲᠤᠬᠠᠶ ᠳᠤᠨᠢ ᠲᠥᠪᠯᠡᠷᠡᠭᠦᠯᠦᠨ ᠨᠢᠭᠡᠳᠦᠯᠲᠡᠶ ᠨᠡᠶᠢᠭᠡᠮ ᠳᠤ ᠢᠯᠡ ᠪᠣᠯᠭᠠᠨ᠎ᠠ᠃ | ᠲᠠᠪᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠤᠭᠤᠷᠢᠨ ᠳᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠢ ᠰᠠᠶᠢᠲᠤᠷ ᠬᠢᠨ᠎ᠡ | ︵ᠠᠷᠪᠠᠨ ᠬᠤᠶᠠᠷ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠮᠡᠳᠡᠭᠡ ᠵᠠᠩᠭᠢ ᠶᠢ | ᠢᠯᠡ ᠪᠣᠯᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠬᠥᠯᠥᠰᠥᠨ ᠠᠵᠢᠯᠴᠢᠨ᠂ | ᠴᠡᠷᠢᠭ ᠠᠴᠠ ᠬᠠᠯᠠᠭᠳᠠᠭᠰᠠᠳ ᠵᠡᠷᠭᠡ ᠬᠠᠮᠲᠤᠯᠢᠭ ᠲᠤ ᠴᠢᠭᠯᠡᠭᠦᠯᠦᠨ᠂ ᠠᠵᠢᠯ ᠣᠯᠭᠤᠯᠲᠠ ᠪᠠᠷ ᠬᠠᠪᠰᠤᠷᠤᠨ | ᠲᠡᠳᠬᠦᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠦᠷᠦ ᠶᠢᠨ ᠪᠤᠳᠤᠯᠭ᠎ᠠ ᠵᠢᠴᠢ ᠦᠢᠯᠡᠴᠢᠯᠡᠭᠡᠨ ᠤ | ᠮᠡᠳᠡᠭᠡ ᠵᠠᠩᠭᠢ ᠨᠡᠶᠢᠲᠡᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠪᠠ | ᠬᠦᠷᠭᠡᠬᠦ ᠶᠠᠰᠤ ᠴᠢᠨᠠᠷ ᠪᠠ ᠡᠷᠴᠢᠮ ᠢ ᠴᠢᠩᠭᠠᠷᠠᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠰᠠᠭ ᠤᠨ ᠣᠷᠳᠣᠨ ᠤ ᠠᠯᠪᠠᠨ | ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠡᠯᠭᠡᠷᠡᠭᠦᠯᠵᠦ᠂ ᠨᠠᠩ ᠣᠯᠠᠨ ᠬᠥᠮᠦᠰ ᠲᠤ | ᠬᠠᠮᠢᠶ᠎ᠠ ᠪᠥᠬᠦᠶ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ ᠮᠡᠳᠡᠭᠦᠯᠬᠦ ᠶᠢᠨ ᠬᠠᠮᠲᠤ | ᠣᠯᠭᠤᠨ᠎ᠠ᠃ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ | ᠮᠡᠳᠡᠭᠦᠯᠦᠨ ᠬᠦᠷᠭᠡᠬᠦ ᠮᠠᠲ᠋ᠧᠷᠢᠶᠠᠯ᠂ ᠠᠵᠢᠯ ᠤᠨ ᠴᠤᠪᠤᠷᠠᠯ᠂ ᠴᠠᠭ ᠤᠨ ᠠᠬᠢᠴᠠ ᠵᠢᠴᠢ ᠦᠨᠡᠯᠡᠨ ᠲᠣᠭᠲᠠᠭᠠᠭᠰᠠᠨ | ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠨᠡᠶᠢᠲᠡᠯᠡᠨ᠎ᠡ᠃ | ︵ᠠᠷᠪᠠᠨ ᠭᠤᠷᠪᠠ︶ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ | ᠵᠠᠩᠭᠢ ᠶᠢ ᠢᠯᠡ ᠪᠣᠯᠭᠠᠨ᠎ᠠ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠂ ᠬᠠᠶ᠋ᠢᠭ ᠪᠠ | ᠠᠰᠠᠭᠤᠨ ᠯᠠᠪᠯᠠᠬᠤ ᠤᠲᠠᠰᠤ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠣᠨᠣᠪᠴᠢᠲᠠᠶ ᠨᠡᠶᠢᠲᠡᠯᠡᠵᠦ᠂ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠯᠡ | ᠪᠣᠯᠭᠠᠬᠤ ᠶᠢ ᠰᠠᠶᠢᠲᠤᠷ ᠬᠢᠨ᠎ᠡ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠵᠡᠮᠳᠡᠭᠴᠦᠳ ᠤᠨ ᠨᠥᠬᠦᠪᠥᠷᠢ᠂ | ᠥᠨᠳᠥᠷ ᠨᠠᠰᠤᠨ ᠤ ᠨᠡᠮᠡᠭᠦᠷᠢ ᠵᠡᠷᠭᠡ ᠪᠠᠯᠠ ᠮᠥᠩᠭᠦ ᠣᠯᠭᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠨ᠎ᠡ᠃ | ︵ᠠᠷᠪᠠᠨ ᠳᠥᠷᠪᠡ︶ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠮᠡᠳᠡᠭᠡ ᠵᠠᠩᠭᠢ ᠶᠢ ᠢᠯᠡ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠲᠥᠷᠥ ᠶᠢᠨ ᠪᠣᠳᠣᠯᠭ᠎ᠠ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠬᠡᠰᠡᠭ ᠬᠤᠪᠢᠶᠠᠬᠤ ᠬᠡᠪᠴᠢᠶ᠎ᠡ᠂ | ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠵᠡᠷᠭᠡ ᠮᠡᠳᠡᠭᠡ ᠵᠠᠩᠭᠢ ᠶᠢ ᠢᠯᠡ | ᠪᠣᠯᠭᠠᠬᠤ ᠶᠢ ᠦᠷᠭᠦᠯᠵᠢᠯᠡᠨ ᠰᠠᠶᠢᠲᠤᠷ ᠬᠢᠨ᠎ᠠ᠃ ᠡᠷᠬᠡ ᠲᠡᠭᠰᠢ ᠲᠥᠪ ᠭᠤᠤᠯᠴᠢ ᠪᠠᠷ ᠰᠤᠷᠭᠠᠭᠤᠯᠢ ᠳᠤ ᠣᠷᠣᠬᠤ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠣᠮᠧᠷ ᠰᠤᠭᠤᠯᠬᠤ ᠲᠥᠷᠥ ᠶᠢᠨ ᠪᠣᠳᠣᠯᠭ᠎ᠠ᠂ | ᠬᠡᠷᠡᠭᠰᠡᠬᠦ ᠮᠠᠲ᠋ᠧᠷᠢᠶᠠᠯ ᠵᠢᠴᠢ ᠨᠣᠮᠧᠷ ᠰᠤᠭᠤᠯᠬᠤ ᠦᠷ᠎ᠡ ᠳ᠋ᠦᠩ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ | ᠨᠡᠶᠢᠲᠡᠯᠡᠨ᠎ᠡ᠃ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠦᠨᠳᠦᠰᠦᠨ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠶ | ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠨ᠎ᠠ᠃ | ︵ᠠᠷᠪᠠᠨ ᠲᠠᠪᠤ︶ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠮᠡᠳᠡᠭᠡ | ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠪᠠᠶᠢᠭᠤᠯᠤᠮᠵᠢ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠶᠢᠳᠦᠯ᠂ ᠬᠠᠶ᠋ᠢᠭ᠂ ᠨᠡᠭᠡᠭᠡᠬᠦ | ᠴᠠᠭ᠂ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠡᠯ᠎ᠡ ᠲᠥᠷᠥᠯ ᠤᠨ ᠣᠯᠠᠨ | ᠲᠦᠮᠡᠨ ᠤ ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠦᠵᠡᠭᠦᠯᠦᠯᠭᠡ ᠵᠡᠷᠭᠡ ᠮᠡᠳᠡᠭᠡ | ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠡᠯ᠎ᠡ ᠬᠦᠷᠢᠶᠡᠨ ᠤ ᠬᠢᠨᠠᠯᠲᠠ ᠪᠠᠶᠢᠴᠠᠭᠠᠯᠲᠠ ᠶᠢᠨ | ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ | ᠵᠢᠷᠭᠤᠭ᠎ᠠ᠂ ᠥᠨᠳᠥᠷ ᠦᠷ᠎ᠡ ᠪᠦᠲᠦᠮᠵᠢᠲᠡᠶ ᠵᠠᠰᠠᠯᠲᠠ ᠶᠢᠨ ᠲᠣᠭᠤᠷᠢᠨ ᠳᠤ ᠮᠡᠳᠡᠭᠡ ᠵᠠᠩᠭᠢ ᠶᠢ ᠢᠯᠡ | ᠪᠣᠯᠭᠠᠬᠤ ᠶᠢ ᠰᠠᠶᠢᠲᠤᠷ ᠬᠢᠨ᠎ᠡ | ︵ᠠᠷᠪᠠᠨ ᠵᠢᠷᠭᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃ | ᠬᠤᠲᠠ ᠶᠢᠨ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠢ ᠬᠢᠨᠠᠨ | ᠬᠡᠮᠵᠢᠬᠦ᠂ ᠬᠤᠲᠠ ᠶᠢᠨ ᠤᠤᠭᠤᠬᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠡᠷᠭᠡ ᠮᠡᠳᠡᠭᠡ ᠵᠠᠩᠭᠢ ᠶᠢ | ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠨ ᠮᠡᠳᠡᠭᠦᠯᠦᠯᠲᠡ ᠶᠢᠨ ᠴᠣᠬᠤᠯᠠᠪᠤᠷᠢ ᠶᠢ ᠢᠯᠡ ᠪᠣᠯᠭᠠᠬᠤ ᠠᠵᠢᠯ ᠢ ᠰᠠᠶᠢᠲᠤᠷ | ᠬᠢᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ | ᠪᠠ ᠠᠰᠠᠭᠤᠨ ᠯᠠᠪᠯᠠᠬᠤ ᠠᠵᠢᠯ ᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠰᠡᠷᠭᠡᠭ ᠪᠤᠰᠤ ᠠᠳᠡᠯ ᠤᠨ | ᠭᠠᠮᠰᠢᠭ ᠤᠨ ᠲᠥᠷᠥᠯ ᠤᠨ ᠰᠡᠷᠡᠮᠵᠢᠯᠡᠭᠦᠯᠬᠦ ᠮᠡᠳᠡᠭᠡ ᠵᠠᠩᠭᠢ᠂ ᠠᠳᠡᠯ ᠤᠨ ᠮᠡᠳᠡᠭᠡ ᠵᠠᠩᠭᠢ᠂ ᠠᠳᠡᠯ ᠤᠨ ᠳᠠᠷᠠᠭ᠎ᠠ | ᠠᠪᠤᠭᠰᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭᠠᠴᠠᠭᠠᠭᠰᠠᠨ ᠦᠷ᠎ᠡ ᠳ᠋ᠦᠩ | ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠴᠠᠭ ᠠᠭᠤᠷ ᠵᠢᠴᠢ ᠭᠠᠮᠰᠢᠭ ᠢ ᠰᠡᠷᠡᠮᠵᠢᠯᠡᠭᠦᠯᠬᠦ | ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠨ᠎ᠠ᠃ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ | ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠬᠤ ᠮᠡᠳᠡᠭᠡ | ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ | ᠲᠥᠷᠥ ᠶᠢᠨ ᠪᠣᠳᠣᠯᠭ᠎ᠠ᠂ ᠠᠷᠭ᠎ᠠ ᠵᠠᠮ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠢᠯᠡ | ᠪᠣᠯᠭᠠᠬᠤ ᠪᠠᠷ ᠵᠢᠷᠤᠮᠵᠢᠯ ᠢ ᠠᠬᠢᠭᠤᠯᠤᠨ᠂ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ | ︵ᠠᠷᠪᠠᠨ ᠨᠠᠢᠮᠠ︶ ᠬᠠᠷᠢᠯᠴᠠᠬᠤ ᠰᠣᠯᠢᠯᠴᠠᠬᠤ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠠᠷᠠᠳ ᠤᠨ ᠰᠦᠯᠵᠢᠶ᠎ᠡ᠂ ᠸᠢᠴᠠᠲ ᠤᠨ ᠲᠠᠪᠴᠠᠩ ᠤᠨ | ᠰᠦᠯᠵᠢᠶᠡᠨ ᠤ ᠢᠷᠭᠡᠳ ᠤᠨ ᠦᠯᠡᠳᠡᠭᠡᠭᠰᠡᠨ ᠦᠭᠡ ᠶᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ | ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠵᠢᠯ ᠤᠨ | ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠳᠤ ᠨᠠᠷᠢᠨ ᠪᠣᠳᠠᠲᠠᠶ ᠬᠠᠷᠢᠭᠤᠯᠲᠠ ᠥᠭᠴᠦ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ | ᠴᠢᠩᠭ᠎ᠠ ᠰᠢᠢᠳᠪᠦᠷᠢᠯᠡᠵᠦ᠂ ᠠᠰᠠᠭᠤᠭᠰᠠᠨ ᠢ ᠨᠢ ᠬᠠᠷᠢᠭᠤᠯᠬᠤ ᠦᠭᠡᠢ᠂ ᠬᠤᠭᠤᠰᠣᠨ ᠦᠭᠡ ᠵᠤᠷᠰᠢᠯ ᠤᠨ ᠦᠭᠡ | ᠬᠡᠯᠡᠬᠦ᠂ ᠡᠩ ᠤᠨ ᠮᠠᠶ᠋ᠢᠭ ᠢᠶᠠᠷ ᠬᠠᠷᠢᠭᠤᠯᠬᠤ ᠵᠡᠷᠭᠡ ᠦᠵᠡᠭᠳᠡᠯ ᠢ ᠡᠷᠡᠰ ᠬᠤᠷᠢᠭᠯᠠᠨ᠎ᠠ᠃ | ᠲᠤᠯᠤᠭ᠎ᠠ᠂ ᠲᠠᠪᠴᠠᠩ ᠤᠨ ᠪᠠᠶᠢᠭᠤᠯᠤᠯᠲᠠ ᠶᠢᠨ ᠲᠣᠭᠤᠷᠢᠨ ᠳᠤ ᠢᠯᠡ ᠪᠣᠯᠭᠠᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ | ︵ᠠᠷᠪᠠ ᠶᠢᠰᠦ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠪᠤᠯᠤᠩ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠢ | ᠵᠢᠷᠤᠮᠵᠢᠭᠤᠯᠤᠨ ᠪᠠᠶᠢᠷᠢᠯᠠᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ᠂ ᠮᠡᠳᠡᠭᠡ ᠵᠠᠩᠭᠢ ᠶᠢ ᠢᠯᠡ | ᠪᠣᠯᠭᠠᠬᠤ ᠵᠦᠭᠯᠡᠭᠦᠷ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ᠂ | ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ ᠵᠡᠷᠭᠡ ᠪᠤᠯᠤᠩ ᠢ ᠲᠥᠪᠯᠡᠷᠡᠭᠦᠯᠦᠨ ᠳᠡᠯᠭᠡᠨ ᠦᠵᠡᠭᠦᠯᠵᠦ | ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ ᠬᠠᠮᠠᠭᠠᠯᠠᠬᠤ ᠶᠢ ᠰᠠᠶᠢᠲᠤᠷ ᠬᠢᠨ᠎ᠠ᠃ ᠬᠠᠤᠯᠢ ᠪᠠᠷ ᠲᠣᠭᠲᠠᠭᠠᠭᠰᠠᠨ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠴᠠᠭ ᠲᠤᠬᠠᠶ ᠳᠤᠨᠢ᠂ ᠲᠥᠪᠯᠡᠷᠡᠭᠦᠯᠦᠨ᠂ ᠵᠢᠷᠤᠮᠵᠢᠭᠤᠯᠤᠨ | ᠨᠡᠶᠢᠲᠡᠯᠡᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠬᠢᠨᠠᠮᠠᠭᠠᠶ ᠰᠤᠷᠤᠯᠴᠠᠨ | ᠬᠡᠷᠡᠭᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢᠨ ᠨᠢᠭᠤᠴᠠ ᠶᠢ ᠬᠠᠮᠠᠭᠠᠯᠠᠬᠤ | ᠬᠢᠨᠠᠨ ᠪᠠᠶᠢᠴᠠᠭᠠᠯᠲᠠ ᠶᠢ ᠲᠡᠭᠦᠯᠳᠡᠷᠵᠢᠭᠦᠯᠵᠦ᠂ ᠨᠢᠭᠤᠴᠠ ᠶᠢ ᠵᠠᠳᠠᠷᠠᠭᠤᠯᠬᠤ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ | ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠤᠨ ᠠᠭᠤᠯᠭ᠎ᠠ ᠶᠢᠨ ᠵᠥᠪ ᠣᠨᠣᠪᠴᠢᠲᠠᠶ᠂ ᠭᠤᠶᠤᠴᠢᠯᠠᠬᠤ ᠠᠷᠭ᠎ᠠ | ᠵᠠᠮ ᠢᠶᠠᠷ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠨ᠎ᠠ᠃ | ︵ᠬᠤᠷᠢ︶ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠴᠢᠨᠠᠷ ᠰᠠᠶᠢᠲᠠᠶ ᠰᠠᠶᠢᠲᠤᠷ ᠡᠷᠭᠢᠯᠡᠨ᠎ᠡ᠃ | ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠷᠬᠡ ᠰᠦᠷᠲᠦ ᠪᠠᠷᠢᠮᠵᠢᠶᠠᠲᠤ ᠲᠣᠪᠬᠢᠮᠠᠯ ᠤᠨ ᠦᠢᠯᠡᠳᠦᠯ ᠢ ᠦᠨᠡᠨᠬᠦ | ᠪᠠᠳᠠᠷᠠᠭᠤᠯᠵᠤ᠂ ᠨᠠᠶᠢᠷᠠᠭᠤᠯᠤᠨ ᠪᠢᠴᠢᠬᠦ ᠪᠠ ᠬᠦᠷᠭᠡᠨ ᠦᠵᠡᠭᠦᠯᠬᠦ ᠠᠵᠢᠯ ᠢ ᠦᠨᠡᠨᠬᠦ ᠰᠠᠶᠢᠲᠤᠷ ᠬᠢᠨ᠎ᠠ᠃ ᠵᠠᠰᠠᠭ ᠤᠨ | ᠣᠷᠳᠣᠨ ᠤ ᠠᠯᠪᠠᠨ ᠮᠡᠳᠡᠭᠡ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠴᠢᠬᠤᠯᠠ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠮᠠᠲ᠋ᠧᠷᠢᠶᠠᠯ ᠪᠠ ᠰᠠᠯᠠᠭ᠎ᠠ ᠮᠥᠴᠢᠷ ᠤᠨ ᠴᠢᠬᠤᠯᠠ ᠪᠢᠴᠢᠭ ᠮᠠᠲ᠋ᠧᠷᠢᠶᠠᠯ ᠢ ᠰᠣᠩᠭᠤᠨ ᠨᠠᠶᠢᠷᠠᠭᠤᠯᠬᠤ | ᠬᠡᠪᠴᠢᠶᠡᠨ ᠳᠤ ᠣᠷᠣᠭᠤᠯᠤᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠯᠧᠺᠲᠷᠣᠨ ᠬᠡᠪᠯᠡᠯ ᠢ ᠵᠡᠷᠭᠡᠪᠡᠷ | ᠰᠠᠶᠢᠲᠤᠷ ᠡᠷᠭᠢᠯᠡᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠎ᠡ᠃ | ᠠᠯᠪᠠᠨ ᠮᠡᠳᠡᠭᠡ ᠶᠢ ᠭᠠᠷ ᠤᠲᠠᠰᠤᠨ ᠳᠤ ᠢᠳᠡᠪᠬᠢᠲᠡᠶ ᠪᠠᠷ ᠣᠷᠣᠭᠤᠯᠵᠤ᠂ ︽ᠠᠯᠠᠭᠠᠨ ᠳᠡᠭᠡᠷᠡᠬᠢ ᠠᠯᠪᠠᠨ ᠮᠡᠳᠡᠭᠡ︾ | ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠥᠯᠢᠶᠡᠨ ᠠᠪᠤᠭᠴᠢᠳ ᠤᠨ ᠬᠦᠷᠢᠶ᠎ᠡ ᠬᠡᠪᠴᠢᠶ᠎ᠡ ᠶᠢ ᠤᠯᠠᠮ ᠨᠢᠭᠡ | ᠠᠯᠬᠤᠮ ᠥᠷᠭᠡᠳᠬᠡᠨ᠎ᠡ᠃ | ︵ᠬᠤᠷᠢᠨ ᠨᠢᠭᠡ︶ ᠰᠦᠯᠵᠢᠶᠡᠨ ᠥᠷᠲᠡᠭᠡ ᠰᠢᠨ᠎ᠡ ᠵᠠᠭᠤᠴᠢᠯᠠᠭᠤᠷ ᠢ ᠬᠢᠨᠠᠨ ᠬᠠᠮᠢᠶᠠᠷᠴᠤ ᠬᠠᠮᠠᠭᠠᠯᠠᠬᠤ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ | ᠬᠠᠷᠢᠯᠴᠠᠬᠤ ᠰᠣᠯᠢᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠶᠢᠨ ᠨᠠᠰᠤᠲᠠᠶᠢᠴᠤᠤᠯ ᠳᠤ ᠳᠣᠭᠢᠷᠠᠬᠤ ᠥᠭᠡᠷᠡᠴᠢᠯᠡᠯᠲᠡ ᠪᠠ ᠰᠠᠭᠠᠳ ᠥᠬᠡᠶ ᠦᠵᠡᠬᠦ | ᠴᠢᠳᠠᠮᠵᠢ ᠶᠢ ᠰᠠᠶᠢᠲᠤᠷ ᠬᠢᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠮᠣᠩᠭᠤᠯ ᠰᠦᠯᠵᠢᠶᠡᠨ ᠥᠷᠲᠡᠭᠡ ᠶᠢᠨ ᠠᠵᠢᠯ ᠢ | ᠴᠢᠩᠭᠠᠳᠬᠠᠵᠤ᠂ ᠮᠣᠩᠭᠤᠯ ᠰᠦᠯᠵᠢᠶᠡᠨ ᠥᠷᠲᠡᠭᠡ ᠶᠢᠨ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠪᠠᠲᠤᠯᠠᠨ᠂ | ᠴᠢᠬᠤᠯᠠ ᠠᠭᠤᠯᠭ᠎ᠠ ᠶᠢ ᠣᠷᠴᠢᠭᠤᠯᠵᠤ ᠳᠠᠮᠵᠢᠭᠤᠯᠤᠨ ᠲᠠᠷᠬᠠᠭᠠᠬᠤ ᠶᠢ ᠰᠠᠶᠢᠲᠤᠷ ᠬᠢᠵᠦ᠂ ᠮᠣᠩᠭᠤᠯ ᠬᠡᠪᠯᠡᠯ ᠤᠨ | ᠵᠠᠰᠠᠭ ᠤᠨ ᠣᠷᠳᠣᠨ ᠤ ᠠᠯᠪᠠᠨ ᠮᠡᠳᠡᠭᠡ ᠶᠢ ᠴᠠᠭ ᠲᠤᠬᠠᠶ ᠳᠤᠨᠢ ᠰᠢᠨᠡᠳᠬᠡᠵᠦ᠂ ᠠᠵᠢᠯ ᠤᠨ ᠶᠠᠰᠤ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ | ᠨᠠᠢᠮᠠ᠂ ᠬᠢᠨᠠᠯᠲᠠ ᠲᠠᠯᠪᠢᠬᠤ ᠪᠠᠲᠤᠯᠠᠭ᠎ᠠ ᠶᠢ ᠴᠢᠩᠭᠠᠷᠠᠭᠤᠯᠤᠨ᠎ᠠ | ︵ᠬᠤᠷᠢᠨ ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠤᠳᠤᠷᠢᠳᠬᠤ ᠳᠤᠭᠤᠶᠢᠯᠠᠩ ᠨᠢ | ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠢᠯᠡ ᠪᠣᠯᠭᠠᠬᠤ ᠭᠤᠤᠯ ᠴᠣᠭᠴᠠ ᠶᠢ ᠰᠢᠮᠳᠠᠭᠤᠯᠤᠨ ᠵᠢᠯᠣᠭᠤᠳᠴᠤ ᠠᠵᠢᠯᠲᠠᠨ᠂ ᠮᠡᠷᠭᠡᠵᠢᠯ᠂ | ᠲᠥᠬᠦᠭᠡᠷᠦᠮᠵᠢ᠂ ᠵᠠᠷᠤᠳᠠᠯ ᠵᠡᠷᠭᠡ ᠶᠢᠨ ᠪᠠᠲᠤᠯᠠᠭ᠎ᠠ ᠶᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠵᠤ᠂ ᠰᠢᠨ᠎ᠡ ᠴᠠᠭ ᠦᠶ᠎ᠡ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠬᠤᠷᠢᠨ ᠭᠤᠷᠪᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ᠂ ᠲᠣᠰ | ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠲᠣᠭᠲᠠᠭᠠᠵᠤ᠂ | ᠡᠭᠦᠷᠭᠡ ᠶᠢᠨ ᠵᠠᠳᠠᠯᠤᠯᠲᠠ ᠶᠢ ᠰᠠᠶᠢᠲᠤᠷ ᠬᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠤᠨ ᠣᠨ ᠤ ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠨ᠎ᠠ᠃ | | |