ᠤᠢᠢᠷ᠎ᠠ ᠶᠢᠨ ᠬᠤᠭᠤᠴᠠᠭᠠᠨ ᠳᠤ ᠮᠠᠨ ᠤ ᠰᠢᠶᠠᠨ ᠳᠤ ᠶᠡᠭᠡ ᠪᠣᠷᠣᠭᠠᠨ ᠣᠷᠣᠵᠤ᠂ ᠦᠶᠡᠷ ᠢ ᠰᠡᠷᠭᠡᠶᠢᠯᠡᠬᠦ | ᠪᠠᠶᠢᠳᠠᠯ ᠬᠦᠨᠳᠦ ᠨᠣᠴᠢᠲᠠᠢ ᠪᠠᠶᠢᠨ᠎ᠠ᠂ ᠰᠢᠭᠤᠶᠢᠲᠤ ᠣᠷᠣᠨ ᠤ ᠤᠯᠠᠨ ᠲᠦᠮᠡᠨ ᠤ ᠠᠮᠢ ᠨᠠᠰᠤ ᠡᠳ᠋ ᠬᠦᠷᠦᠩᠬᠡ ᠶᠢᠨ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠷᠢᠨᠭᠡᠷ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ ᠦᠳᠲᠡᠷ ᠲᠦᠷᠭᠡᠨ ᠡᠯ᠎ᠡ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠠᠵᠢᠯᠲᠠᠳ ᠢ | ᠵᠣᠬᠢᠶᠠᠨ ᠪᠠᠶᠢᠭᠤᠯᠵᠤ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ | ᠢᠳᠡᠪᠬᠢᠲᠡᠢ ᠥᠷᠨᠢᠭᠦᠯᠵᠡᠢ᠃ | ᠨᠢᠭᠡ ᠳᠤ ᠲᠤᠰᠬᠠᠶ ᠲᠤᠰᠢᠶᠠᠯᠲᠤ ᠣᠶ ᠰᠢᠭᠤᠶ ᠬᠠᠮᠠᠭᠠᠯᠠᠭᠴᠢ ᠶᠢ ᠳᠣᠭᠢᠷᠠᠭᠤᠯᠤᠨ ᠤᠰᠤᠨ ᠬᠠᠰᠢᠯᠭ᠎ᠠ ᠶᠢᠨ | ᠡᠷᠬᠢᠨ ᠲᠣᠭᠤᠷᠢᠨ ᠤ ᠴᠢᠭᠢᠭᠯᠢᠭ ᠭᠠᠵᠠᠷ ᠢ ᠲᠣᠭᠤᠷᠢᠨ ᠬᠠᠮᠠᠭᠠᠯᠠᠵᠤ᠂ ᠵᠢᠭᠠᠰᠤ ᠭᠥᠬᠢᠳᠡᠵᠦ ᠪᠠᠶᠢᠭ᠎ᠠ ᠬᠥᠮᠦᠰ᠂ | ᠬᠡᠭᠡᠷ᠎ᠡ ᠬᠤᠭᠤᠯᠠᠯᠠᠵᠤ ᠰᠢᠷᠠᠵᠤ ᠪᠠᠶᠢᠭ᠎ᠠ ᠬᠥᠮᠦᠰ᠂ ᠮᠠᠶᠢᠬᠠᠨ ᠪᠤᠰᠬᠠᠵᠤ ᠪᠠᠶᠢᠭ᠎ᠠ ᠬᠥᠮᠦᠰ ᠢ ᠢᠳᠬᠠᠨ | ᠵᠠᠶᠢᠯᠠᠭᠤᠯᠬᠤ ᠶᠢᠨ ᠬᠠᠮᠲᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠨ᠂ ᠰᠢᠷᠦᠭᠦᠨ ᠪᠣᠷᠣᠭᠠᠨ ᠠᠴᠠ ᠪᠣᠯᠵᠣ ᠮᠡᠳᠡᠬᠦ | ᠠᠭᠤᠯᠠ ᠶᠡᠭᠦᠷᠡᠬᠦ ᠪᠠ ᠬᠤᠲᠣᠭᠤᠷ ᠭᠠᠵᠠᠷ ᠲᠤ ᠤᠰᠤᠲᠤᠬᠤ᠂ ᠴᠢᠯᠠᠭᠤ ᠮᠣᠳᠣ ᠥᠩᠬᠦᠷᠢᠬᠦ ᠵᠡᠷᠭᠡ ᠠᠴᠠ ᠪᠣᠯᠵᠣ | ᠬᠥᠮᠦᠨ ᠬᠠᠷ᠎ᠠ ᠥᠭᠦᠵᠦ ᠰᠢᠷᠬᠠᠲᠤᠬᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ︔ ᠬᠤᠶᠠᠷ ᠲᠤ ᠠᠭᠤᠯᠠᠨ ᠭᠤᠤ᠂ | ᠭᠤᠤᠯ ᠤᠨ ᠬᠥᠪᠡᠭᠡ᠂ ᠵᠠᠮ᠂ ᠥᠨᠳᠥᠷ ᠬᠦᠴᠦᠳᠡᠯᠲᠦ ᠴᠠᠬᠢᠯᠭᠠᠨ ᠱᠤᠭᠤᠮ ᠵᠡᠷᠭᠡ ᠠᠶᠤᠯᠲᠠᠶ ᠭᠠᠵᠠᠷ ᠲᠤ | ᠭᠤᠤᠯᠳᠠᠯᠭ᠎ᠠ ᠲᠠᠢ ᠪᠠᠶᠢᠴᠠᠭᠠᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡ ᠳᠤ ᠲᠣᠬᠢᠷᠠᠭᠤᠯᠤᠯᠲᠠ ᠬᠢᠵᠦ᠂ ᠪᠠᠴᠢᠮ ᠪᠠᠶᠢᠳᠠᠯ ᠢ ᠠᠷᠭᠠᠴᠠᠭᠠᠵᠤ | ᠠᠶᠤᠯ ᠠᠴᠠ ᠠᠪᠤᠷᠠᠬᠤ ᠪᠡᠯᠡᠳᠬᠡᠯ ᠢ ᠵᠢᠵᠢᠭᠦᠷᠯᠡᠨ ᠰᠠᠬᠢᠵᠤ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠬᠠᠮᠤᠭ ᠤᠨ | ᠶᠡᠭᠡ ᠬᠡᠮᠵᠢᠶ᠎ᠡ ᠪᠠᠷ ᠰᠡᠷᠭᠡᠶᠢᠯᠡᠨ ᠠᠷᠢᠯᠭᠠᠨ᠎ᠠ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠦᠶᠡᠷ ᠢ | ᠰᠡᠷᠭᠡᠶᠢᠯᠡᠬᠦ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠭᠤᠶᠢᠲᠤ ᠣᠷᠣᠨ ᠤ ᠦᠶᠡᠷ ᠢ | ᠰᠡᠷᠭᠡᠶᠢᠯᠡᠬᠦ ᠳᠠᠯᠳᠠ ᠬᠡᠮ ᠢ ᠪᠠᠶᠢᠴᠠᠭᠠᠨ ᠵᠠᠰᠠᠬᠤ᠂ ᠭᠤᠤᠯᠳᠠᠯᠭ᠎ᠠ ᠲᠠᠢ ᠣᠷᠣᠨ ᠪᠦᠰᠡ ᠳᠤ ᠲᠣᠭᠤᠷᠢᠨ ᠪᠠᠶᠢᠴᠠᠭᠠᠬᠤ | ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠬᠦ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠨᠠᠷᠢᠨ ᠠᠳᠬᠤᠵᠤ᠂ ᠰᠢᠭᠤᠶᠢᠲᠤ ᠣᠷᠣᠨ ᠤ ᠦᠶᠡᠷ ᠢ | ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |