2023 ᠣᠨ ᠤ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/17
     8 ᠰᠠᠷ᠎ᠠ ᠶᠢᠨ 15 ᠤ ᠡᠳᠦᠷ᠂ 2023 ᠣᠨ ᠤ ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠬᠠᠭᠠᠰ ᠵᠢᠯ ᠤᠨ ᠠᠵᠢᠯ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃      ᠬᠤᠷᠠᠯ ᠠᠴᠠ ᠰᠢᠶᠠᠨ ᠤ ᠬᠠᠮ ᠵᠠᠭᠤᠴᠢᠯᠠᠭᠤᠷ ᠤᠨ ᠲᠥᠪ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠧᠩ ᠭᠤᠸᠠᠨ ᠪᠠᠯᠭᠠᠰᠤ᠂ ᠱᠠᠪᠠᠭ᠋ᠠᠢ ᠰᠢᠶᠠᠩ ᠤᠨ ᠳᠡᠭᠡᠷ᠎ᠡ ᠬᠠᠭᠠᠰ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠳᠣᠣᠷ᠎ᠠ ᠬᠠᠭᠠᠰ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃     ᠬᠤᠷᠠᠯ ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ︽ᠤᠮᠠᠷᠠᠲᠤ ᠶᠢᠨ ᠰᠣᠶᠣᠯ︾ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠢᠨᠭᠡᠷ ᠤᠨ ᠦᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠲᠦᠷᠦᠯ ᠲᠡᠮᠳᠡᠭ ᠢ ᠭᠢᠯᠠᠷᠠᠭᠤᠯᠤᠨ᠎ᠠ᠃ ᠬᠤᠷᠢᠨᠭᠡᠷ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠨ᠎ᠠ᠃ ︽ᠲᠦᠷᠪᠡᠨ ᠲᠣᠭᠲᠠᠴᠠ︾ ᠶᠢ ᠰᠠᠶᠢᠲᠤᠷ ᠪᠠᠶᠢᠭᠤᠯᠵᠤ᠂ ᠳᠤᠲᠠᠭᠤᠳᠠᠯ ᠢ ᠨᠥᠬᠦᠪᠥᠷᠢᠯᠡᠵᠦ᠂ ᠪᠤᠯᠪᠠᠰᠤᠨ ᠬᠤᠳᠠ ᠶᠢ ᠴᠣᠭᠴᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠦ ᠴᠢᠩᠭᠠᠳᠬᠠᠪᠠ᠃      ᠬᠤᠷᠠᠯ ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠤᠯᠤᠰ ᠲᠦᠷᠦ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠤᠨᠤᠯ ᠢᠶᠠᠷ ᠵᠡᠪᠰᠡᠭᠯᠡᠬᠦ ᠰᠠᠶᠢᠨ ᠬᠤᠰᠢᠭᠤᠴᠢ ᠵᠢᠱᠢᠶᠡᠴᠢ ᠪᠣᠯᠬᠤ ᠶᠢ ᠪᠠᠷᠢᠮᠲᠠᠯᠠᠬᠤ ᠬᠡᠷᠡᠭᠲᠡᠶ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠩᠭ᠎ᠠ ᠬᠦᠭ ᠠᠶᠠᠰ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号