| | | 7 ᠰᠠᠷ᠎ᠠ ᠶᠢᠨ 31 ᠤ ᠡᠳᠦᠷ᠂ ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ ᠶᠢᠨ ᠬᠢᠨ ᠱᠧᠩ ᠯᠧ ᠠᠵᠤ ᠠᠬᠤᠶ ᠶᠢᠨ ᠬᠦᠷᠢᠶᠡᠯᠡᠩ | ᠲᠣᠭᠤᠷᠢᠭ ᠤᠨ ᠮᠧᠩ ᠨᠢᠦ ᠭᠤᠷᠪᠠᠳᠤᠭᠠᠷ ᠬᠤᠭᠤᠴᠠᠭ᠎ᠠ᠂ ᠹᠧᠨ ᠮᠧᠶ ᠪᠣᠭᠤᠳᠠᠯ ᠤᠨ ᠬᠤᠶᠠᠳᠤᠭᠠᠷ | ᠬᠤᠭᠤᠴᠠᠭ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ | ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ᠂ ᠮᠧᠩ ᠨᠢᠦ ᠭᠤᠷᠪᠠᠳᠤᠭᠠᠷ | ᠬᠤᠭᠤᠴᠠᠭᠠᠨ ᠤ ᠦᠢᠯᠡᠳᠪᠦᠷᠢᠯᠡᠯ ᠡᠵᠡᠩᠨᠡᠯᠲᠡ᠂ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ | ᠠᠰᠢᠭᠯᠠᠯᠲᠠ ᠵᠢᠴᠢ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠵᠢᠱᠢᠭᠰᠡᠨ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠪᠠ ᠶᠡᠷᠦᠩᠬᠡᠶ ᠴᠣᠭᠴᠠ ᠶᠢᠨ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠭᠰᠠᠨ ᠪᠠᠶᠢᠳᠠᠯ ᠢ ᠭᠦᠨᠵᠡᠭᠡᠶ ᠣᠶᠢᠯᠠᠭᠠᠪᠠ᠃ ᠠᠵᠤ | ᠠᠬᠤᠶᠢᠯᠠᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠧᠩ ᠨᠢᠦ ᠪᠦᠯᠦᠭᠯᠡᠯ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠪᠠᠨ ᠨᠠᠩ | ᠰᠠᠶᠢᠨ ᠳᠡᠭᠡᠭᠰᠢᠯᠡᠭᠦᠯᠬᠦ ᠶᠢᠨ ᠲᠥᠯᠥᠭᠡ᠂ ᠭᠤᠷᠪᠠᠳᠤᠭᠠᠷ ᠬᠤᠭᠤᠴᠠᠭᠠᠨ ᠤ ᠦᠢᠯᠡᠳᠪᠦᠷᠢ ᠶᠢᠨ ᠲᠣᠭᠤᠷᠢᠭ ᠲᠤ | ᠨᠢᠭᠡᠨᠲᠡ ᠳᠡᠭᠡᠳᠦ ᠬᠤᠷᠳᠤᠴᠠᠲᠤ ᠦᠢᠯᠡᠳᠪᠦᠷᠢᠯᠡᠯ ᠤᠨ ᠱᠤᠭᠤᠮ ᠢᠶᠠᠨ ᠰᠣᠯᠢᠵᠤ᠂ ᠠᠵᠢᠯᠯᠠᠬᠤ ᠲᠡᠷᠭᠡ ᠪᠠᠨ ᠴᠥᠮ | ᠴᠠᠬᠢᠯᠭᠠᠨ ᠬᠥᠳᠡᠯᠭᠡᠭᠦᠷᠲᠦ ᠲᠡᠷᠭᠡ ᠪᠠᠨ ᠰᠣᠯᠢᠵᠠᠶ︔ ᠮᠧᠩ ᠨᠢᠦ ᠳᠡᠭᠡᠳᠦ ᠰᠢᠨ᠎ᠡ ᠮᠡᠷᠭᠡᠵᠢᠯ ᠤᠨ ᠦᠢᠯᠡᠳᠪᠦᠷᠢ ᠶᠢᠨ | ᠲᠣᠭᠤᠷᠢᠭ ᠲᠤ ᠨᠢᠭᠡᠨᠲᠡ ᠬᠠᠶᠠᠭᠳᠠᠮᠠᠯ ᠪᠣᠳᠠᠰ ᠥᠬᠡᠶ ᠦᠢᠯᠡᠳᠪᠦᠷᠢ ᠪᠠᠶᠢᠭᠤᠯᠵᠤ᠂ ︽ᠬᠠᠶᠠᠭᠳᠠᠮᠠᠯ ᠥᠬᠡᠶ ᠬᠤᠲᠠ︾ | ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠬᠦᠴᠦᠨ ᠨᠡᠮᠡᠷᠢᠯᠡᠪᠡ᠃ | ᠳᠠᠷᠠᠭ᠎ᠠ ᠳᠤᠨᠢ᠂ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ ᠶᠢᠨ ᠬᠢᠨ ᠹᠧᠨ ᠮᠧᠢ ︵ᠪᠣᠭᠤᠳᠠᠯ︶ | ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ VOCs ᠤᠨ ᠵᠠᠰᠠᠯᠲᠠ ᠶᠢᠨ ᠪᠠᠶᠢᠳᠠᠯ ᠤᠨ | ᠲᠤᠬᠠᠶ ᠨᠠᠷᠢᠨ ᠲᠠᠨᠢᠯᠴᠠᠭᠤᠯᠬᠤ ᠳᠠᠭᠠᠨ᠂ ᠣᠳᠣᠬᠠᠨ ᠳᠤ ᠠᠵᠤ ᠠᠬᠤᠶᠢᠯᠠᠯ ᠤᠨ ᠬᠢᠨ ᠢᠯᠴᠢ ᠬᠠᠳᠠᠭᠠᠯᠠᠬᠤ | ᠮᠠᠶ᠋ᠢᠭ ᠤᠨ ᠰᠢᠲᠠᠭᠠᠬᠤ ᠵᠤᠤᠬ᠎ᠠ ︵RTO︶ ᠶᠢᠨ ᠵᠠᠭᠪᠤᠷ ᠢᠶᠠᠷ ᠳᠠᠮᠵᠢᠭᠤᠯᠤᠨ VOCs ᠤᠨ ᠠᠷᠢᠯᠭᠠᠬᠤ | ᠨᠣᠷᠮ᠎ᠠ ᠨᠢ 99% ᠠᠴᠠ ᠳᠡᠭᠡᠭᠰᠢ ᠪᠠᠶᠢᠵᠤ᠂ VOCs ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠪᠦᠲᠦᠮᠵᠢᠲᠡᠶ ᠳᠥᠯᠭᠢᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ | ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ ᠪᠠᠶᠢᠨ᠎ᠠ ᠭᠡᠵᠡᠶ᠃ | ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ ᠶᠢᠨ ᠬᠢᠨ ᠠᠵᠤ | ᠠᠬᠤᠶᠢᠯᠠᠯ ᠤᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ ᠵᠣᠷᠢᠭᠵᠢᠭᠤᠯᠵᠤ᠂ | ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠴᠢᠷᠮᠠᠶᠢᠭᠰᠠᠨ | ᠳᠡᠭᠡᠷ᠎ᠡ ᠪᠠᠨ ᠴᠢᠷᠮᠠᠶᠢᠵᠤ᠂ ᠤᠰᠤ ᠶᠢ ᠠᠷᠪᠢᠯᠠᠵᠤ ᠬᠡᠷᠡᠭᠯᠡᠬᠦ ᠡᠷᠴᠢᠮ ᠢᠶᠠᠨ ᠴᠢᠩᠭᠠᠷᠠᠭᠤᠯᠤᠨ᠂ ᠬᠠᠶᠠᠭᠳᠠᠮᠠᠯ ᠬᠡᠶ ᠶᠢᠨ | ᠵᠠᠰᠠᠯᠲᠠ ᠶᠢ ᠴᠢᠩᠭᠠᠳᠬᠠᠵᠤ᠂ VOCs ᠤᠨ ᠭᠠᠳᠠᠭᠰᠢᠯᠠᠭᠤᠯᠤᠯᠲᠠ ᠶᠢ ᠪᠠᠭᠠᠰᠬᠠᠨ᠂ ᠪᠣᠬᠢᠷᠲᠤᠯ ᠥᠬᠡᠶ ᠣᠷᠴᠢᠨ | ᠠᠬᠤᠶ ᠶᠢᠨ ᠬᠠᠮᠠᠭᠠᠯᠠᠯᠲᠠ ᠶᠢᠨ ᠠᠵᠤ ᠠᠬᠤᠶᠢᠯᠠᠯ ᠢ ᠴᠢᠷᠮᠠᠶᠢᠨ ᠪᠥᠲᠥᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |