| | | | | | | | | | 8 ᠰᠠᠷ᠎ᠠ ᠶᠢᠨ 22 ᠤᠨ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠭᠤᠤ ᠹᠧᠩ ᠳᠠᠭᠠᠭᠠᠵᠤ ᠪᠠᠲᠤᠯᠠᠬᠤ ᠠᠵᠤ ᠠᠬᠤᠶᠢᠯᠠᠯ ᠵᠧᠩ ᠳ᠋ᠡ ᠢᠳᠡᠭᠡᠨ ᠤ ᠬᠢᠵᠠᠭᠠᠷᠲᠤ ᠺᠣᠮᠫᠠᠨᠢ ᠶᠢᠨ | ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ | ᠵᠢᠯᠣᠭᠤᠳᠴᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠭᠤᠣ ᠹᠧᠩ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠵᠦ᠂ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ᠂ ᠠᠵᠢᠯ ᠡᠷᠭᠢᠯᠡᠭᠰᠡᠳ ᠢ ᠬᠢᠨᠠᠨ ᠰᠢᠯᠭᠠᠬᠤ ᠪᠠ | ᠬᠠᠮᠢᠶᠠᠷᠬᠤ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ | ᠳᠣᠭᠢᠷᠠᠭᠤᠯᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠵᠡᠷᠭᠡ ᠢᠳᠡᠭᠡᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠨᠠᠷᠢᠨ ᠬᠢᠨᠠᠮᠠᠭᠠᠶ ᠰᠣᠨᠣᠰᠴᠤ᠂ ᠳᠠᠷᠠᠭ᠎ᠠ ᠨᠢ ᠲᠤᠬᠠᠶ ᠶᠢᠨ ᠭᠠᠵᠠᠷ ᠲᠤᠨᠢ ᠦᠢᠯᠡᠳᠬᠦᠨ ᠢ ᠪᠠᠶᠢᠴᠠᠭᠠᠨ ᠰᠢᠯᠭᠠᠬᠤ | ᠲᠠᠰᠤᠭ ᠢ ᠪᠠᠶᠢᠴᠠᠭᠠᠨ ᠦᠵᠡᠵᠦ᠂ ᠪᠠᠶᠢᠴᠠᠭᠠᠨ ᠰᠢᠯᠭᠠᠬᠤ ᠴᠢᠳᠠᠪᠤᠷᠢ᠂ ᠠᠵᠢᠯᠲᠠᠨ ᠤ ᠲᠣᠬᠢᠷᠠᠭᠤᠯᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ | ᠭᠤᠤ ᠹᠧᠩ ᠴᠢᠬᠤᠯᠠᠴᠢᠯᠠᠬᠤ ᠳᠠᠭᠠᠨ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ | ᠠᠵᠢᠯ ᠤᠨ ᠲᠣᠭᠲᠠᠴᠠ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠬᠠᠮᠤᠭ ᠤᠨ ᠴᠢᠩᠭ᠎ᠠ︾ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠴᠢᠩᠭᠠᠳᠬᠠᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠂ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠶᠢᠨ ᠲᠤᠯᠭᠠᠮ᠎ᠠ | ᠱᠠᠭᠠᠷᠳᠠᠯᠭ᠎ᠠ ᠮᠥᠨ᠂ ᠢᠳᠡᠭᠡᠨ ᠤ ᠡᠵᠡᠩᠨᠡᠯᠲᠡ ᠶᠢᠨ ᠠᠵᠤ ᠠᠬᠤᠶᠢᠯᠠᠯ ᠡᠷᠬᠡᠪᠰᠢ ᠠᠵᠤ ᠠᠬᠤᠶᠢᠯᠠᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠨᠠᠷᠢᠨ ᠨᠠᠶᠢᠳᠠᠪᠤᠷᠢᠵᠢᠭᠤᠯᠵᠤ᠂ ︽ᠡᠳᠦᠷ ᠢᠶᠠᠷ ᠬᠠᠮᠢᠶᠠᠷᠤᠨ | ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠳᠣᠭᠢᠷᠠᠭᠤᠯᠬᠤ︾ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠬᠡᠷᠡᠭᠲᠡᠶ ᠭᠡᠪᠡ᠃ | ᠭᠤᠤ ᠹᠧᠩ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢ | ᠴᠢᠩᠭᠠᠳᠬᠠᠵᠤ᠂ ᠭᠠᠭ᠋ᠠᠶ ᠬᠤᠳᠠᠯᠳᠤᠨ ᠠᠪᠬᠤ᠂ ᠨᠢᠲᠤᠯᠬᠤ᠂ ᠪᠠᠶᠢᠴᠠᠭᠠᠨ ᠰᠢᠯᠭᠠᠬᠤ᠂ ᠪᠣᠷᠣᠯᠠᠭᠤᠯᠬᠤ ᠵᠡᠷᠭᠡ | ᠵᠠᠩᠭᠢᠯᠠᠭ᠎ᠠ ᠶᠢᠨ ᠪᠣᠭᠤᠮᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠬᠡᠷᠡᠭᠲᠡᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ | ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠢᠳᠡᠭᠡᠨ ᠤ | ᠠᠮᠤᠷ ᠲᠦᠪᠰᠢᠨ ᠤ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠂ ᠢᠳᠡᠭᠡᠨ ᠤ ᠠᠮᠤᠷ | ᠲᠦᠪᠰᠢᠨ ᠤ ᠰᠡᠷᠭᠡᠶᠢᠯᠡᠯᠲᠡ ᠱᠤᠭᠤᠮ ᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠡᠢ᠃ | | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | |