| | | 8 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠭᠤᠤ ᠹᠧᠩ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ ᠤᠨ ᠳᠥᠷᠪᠡᠳᠦᠭᠡᠷ ᠲᠥᠷᠥᠯ ᠵᠦᠢᠯ ᠤᠨ | ᠬᠡᠯᠲᠡᠰ ᠲᠤ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ ᠤᠨ ᠲᠥᠷᠥᠯ ᠵᠦᠢᠯ ᠵᠢᠴᠢ ᠤᠯᠤᠰ ᠤᠨ ᠵᠠᠮ ᠤᠨ | 512 ᠱᠤᠭᠤᠮ ᠠᠴᠠ ᠤᠯᠤᠰ ᠤᠨ ᠵᠠᠮ ᠤᠨ 209 ᠱᠤᠭᠤᠮ ᠢ ᠬᠤᠯᠪᠣᠬᠤ ᠢᠨᠵᠧᠨᠧᠷᠢᠩ ᠤᠨ ᠲᠥᠷᠥᠯ ᠵᠦᠢᠯ ᠤᠨ | ᠲᠠᠲᠠᠪᠤᠷᠢᠯᠠᠨ ᠨᠤᠷᠠᠭᠠᠬᠤ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠡᠷᠭᠢᠯᠡᠨ ᠲᠣᠬᠢᠷᠠᠭᠤᠯᠪᠠ᠃ ᠬᠤᠲᠠ ᠶᠢᠨ | ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ | ᠳᠠᠷᠤᠭ᠎ᠠ ᠵᠠᠩ ᠸᠧᠶ᠂ ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠺᠣᠮᠫᠠᠨᠢ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠤᠷᠢᠳ ᠬᠤᠵᠢᠳ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ ᠤᠨ ᠲᠥᠷᠥᠯ | ᠵᠦᠢᠯ᠂ G512 — G209 ᠶᠢᠨ ᠬᠠᠷᠢᠯᠴᠠᠨ ᠨᠡᠪᠲᠡᠷᠡᠯᠴᠡᠬᠦ ᠲᠥᠷᠥᠯ ᠵᠦᠢᠯ᠂ 2023 ᠣᠨ ᠤ ᠬᠥᠳᠡᠭᠡ | ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠰᠣᠨᠣᠰᠤᠨ | ᠰᠤᠳᠤᠯᠪᠠ᠃ ᠬᠤᠷᠠᠯ ᠠᠴᠠ ᠲᠦᠷᠦᠯ ᠵᠦᠢᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠤᠨ | ᠲᠤᠬᠠᠢ ᠨᠢᠭᠡᠳ ᠨᠢᠭᠡ ᠪᠠᠷ ᠰᠤᠳᠤᠯᠵᠤ᠂ ᠪᠣᠯᠤᠮᠵᠢᠲᠤ ᠴᠢᠨᠠᠷᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠭᠰᠠᠨ | ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠨ ᠴᠢᠩᠭ᠎ᠠ ᠬᠠᠷᠢᠭᠤᠴᠠᠯᠭᠠᠲᠤ ᠰᠡᠳᠬᠢᠯᠭᠡ | ᠪᠣᠯᠤᠨ ᠡᠭᠦᠷᠭᠡᠲᠦ ᠰᠡᠳᠬᠢᠯᠭᠡ ᠪᠠᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠦᠷᠦᠯ ᠵᠦᠢᠯ ᠤᠨ | ᠠᠬᠢᠴᠠ ᠶᠢ ᠲᠦᠷᠭᠡᠳᠬᠡᠬᠦ ᠳᠡᠭᠡᠷ᠎ᠡ ᠦᠨᠡᠨᠬᠦ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ | ᠬᠢᠬᠦ ᠬᠡᠷᠡᠭᠲᠡᠢ᠃ ᠳᠠᠷᠤᠯᠲᠠ ᠶᠢ ᠳᠠᠭᠠᠭᠠᠵᠤ᠂ ᠴᠠᠭ ᠢ ᠠᠮᠵᠢᠨ᠂ ᠬᠥᠮᠦᠨ ᠤ ᠬᠦᠴᠦᠨ᠂ ᠴᠠᠭ᠂ ᠣᠶᠤᠨ | ᠴᠢᠳᠠᠯ ᠢᠶᠠᠨ ᠲᠥᠪᠯᠡᠷᠡᠭᠦᠯᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠠᠷᠠᠯᠲᠠ ᠪᠠ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠢ ᠪᠠᠲᠤ ᠡᠵᠡᠮᠳᠡᠵᠦ᠂ ᠲᠠᠲᠠᠪᠤᠷᠢᠯᠠᠬᠤ ᠪᠠ ᠨᠤᠷᠠᠭᠠᠬᠤ ᠠᠵᠢᠯ ᠤᠨ ᠠᠬᠢᠴᠠ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠲᠠᠲᠠᠪᠤᠷᠢᠯᠠᠨ ᠨᠤᠷᠠᠭᠠᠬᠤ ᠠᠵᠢᠯ ᠳᠤ ᠣᠷᠣᠯᠴᠠᠭᠰᠠᠨ ᠪᠤᠢ | ᠪᠦᠬᠦᠢ ᠺᠠᠳ᠋ᠷᠴᠤᠳ ᠬᠦᠴᠢᠷ ᠪᠡᠷᠬᠡᠰᠢᠶᠡᠯ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠠᠵᠢᠯ ᠤᠨ ᠠᠬᠢᠴᠠ ᠶᠢ ᠰᠠᠭᠠᠲᠠᠭᠠᠬᠤ ᠦᠭᠡᠢ ᠪᠠᠶᠢᠵᠤ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠳᠦᠭᠡᠨ | ᠪᠠᠶᠢᠭᠤᠯᠤᠯᠲᠠ ᠳᠤ ᠰᠠᠶᠢᠨ ᠰᠠᠭᠤᠷᠢ ᠲᠠᠯᠪᠢᠵᠤ᠂ ᠰᠠᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠶ | ᠭᠡᠵᠦ ᠵᠢᠭᠠᠵᠤ ᠭᠠᠷᠭᠠᠪᠠ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |