ᠬᠤᠷᠢᠨᠭᠡᠷ ᠰᠢᠶᠠᠨ ᠪᠣᠯᠤᠨ ᠲᠣᠭᠲᠠᠬᠤ ᠰᠢᠶᠠᠨ ᠬᠠᠮᠲᠤᠷᠠᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠵᠡᠭᠦᠯᠦᠯᠭᠡ ᠶᠢᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/8/29
     8 ᠰᠠᠷ᠎ᠠ ᠶᠢᠨ 24 ᠤ ᠡᠳᠦᠷ᠂ ᠬᠤᠷᠢᠨᠭᠡᠷ ᠰᠢᠶᠠᠨ ᠪᠣᠯᠤᠨ ᠲᠣᠭᠲᠠᠬᠤ ᠰᠢᠶᠠᠨ ᠬᠠᠮᠲᠤᠷᠠᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ ᠲᠣᠭᠤᠷᠢᠨ ᠦᠵᠡᠭᠦᠯᠦᠯᠭᠡ ᠳᠤ ᠬᠤᠷᠢᠨᠭᠡᠷ ᠰᠢᠶᠠᠨ ᠤ ᠪᠠᠭ᠎ᠠ ᠵᠢᠯᠠᠭ᠎ᠠ ᠲᠣᠰᠬᠤᠨ ᠂ ᠵᠠᠩᠭᠢ ᠬᠤᠲᠤᠭᠲᠤ ᠲᠣᠰᠬᠤᠨ᠂ ᠺᠤᠸᠠᠢ ᠨᠢᠦ ᠺᠣᠮᠫᠠᠨᠢ᠂ ᠲᠣᠭᠲᠠᠬᠤ ᠰᠢᠶᠠᠨ ᠤ ᠰᠢᠷ᠎ᠠ ᠤᠰᠤ ᠭᠤᠤ ᠲᠣᠰᠬᠤᠨ᠂ ᠡᠷᠲᠡᠨ ᠤ ᠬᠤᠲᠠ ᠪᠠᠯᠭᠠᠰᠤ ᠶᠢᠨ ᠰᠠᠭᠠᠯᠢ ᠶᠢᠨ ᠦᠨᠢᠶ᠎ᠡ ᠶᠢᠨ ᠲᠠᠯᠠᠪᠠᠢ ᠪᠣᠯᠤᠨ ᠬᠠᠳᠤᠨ ᠭᠤᠣᠯ ᠤᠨ ᠮᠠᠢ ᠶᠧ ᠬᠥ᠋ ᠶᠢ ᠰᠣᠩᠭᠤᠨ ᠦᠵᠡᠭᠦᠯᠦᠯᠭᠡ ᠶᠢᠨ ᠴᠡᠭ ᠪᠣᠯᠭᠠᠵᠤ᠂ ᠭᠤᠣᠯᠳᠠᠭᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠤᠨᠴᠠᠯᠢᠭᠳᠤ ᠵᠠᠭᠪᠤᠷ᠂ ᠲᠣᠰᠬᠤᠨ ᠠᠵᠤ ᠠᠬᠤᠶᠢᠯᠠᠯ ᠬᠤᠯᠪᠣᠭᠠᠯᠠᠨ ᠪᠠᠶᠢᠭᠤᠯᠬᠤ᠂ ᠨᠡᠶᠢᠲᠡᠯᠢᠭ ᠠᠷᠭ᠎ᠠ ᠬᠢᠳᠡᠯ ᠤᠨ ᠲᠣᠭᠤᠷᠢᠨ ᠳᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠬᠤᠷᠢᠨᠭᠡᠷ ᠰᠢᠶᠠᠨ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 87 ᠬᠥᠮᠦᠨ ᠠᠵᠢᠯᠯᠠᠭ᠎ᠠ ᠳᠤ ᠣᠷᠣᠯᠴᠠᠪᠠ᠃      ᠲᠣᠭᠤᠷᠢᠨ ᠦᠵᠡᠬᠦ ᠬᠥᠮᠦᠰ ᠤᠷᠢᠳ ᠬᠤᠵᠢᠳ ᠪᠠᠭ᠎ᠠ ᠵᠢᠯᠠᠭ᠎ᠠ ᠲᠣᠰᠬᠤᠨ ᠤ ᠲᠥᠬᠦᠭᠡᠷᠦᠮᠵᠢ ᠶᠢᠨ ᠲᠠᠷᠢᠶᠠᠯᠠᠩ᠂ ᠦᠬᠡᠷ ᠤᠨ ᠠᠵᠤ ᠦᠢᠯᠡᠰ ᠤᠨ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠵᠠᠩᠭᠢ ᠬᠤᠲᠤᠭᠲᠤ ᠲᠣᠰᠬᠤᠨ ᠤ ᠤᠢ ᠵᠢᠮᠢᠰ ᠤᠨ ᠠᠵᠤ ᠠᠬᠤᠢ ᠶᠢᠨ ᠠᠵᠤ ᠦᠢᠯᠡᠰ᠂ ᠺᠤᠸᠠᠢ ᠨᠢᠦ ᠺᠣᠮᠫᠠᠨᠢ ᠶᠢᠨ ᠪᠠᠷᠢᠮᠵᠢᠶᠠᠵᠢᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ᠂ ᠡᠷᠲᠡᠨ ᠤ ᠬᠤᠲᠠ ᠪᠠᠯᠭᠠᠰᠤ ᠶᠢᠨ ᠰᠠᠭᠠᠯᠢ ᠶᠢᠨ ᠦᠨᠢᠶᠡᠨ ᠤ ᠲᠠᠯᠠᠪᠠᠢ ᠶᠢᠨ ︽ᠲᠠᠷᠢᠶᠠᠯᠠᠩ ᠢᠶᠠᠷ ᠮᠠᠯ ᠠᠵᠤ ᠠᠬᠤᠢ ᠶᠢ ᠲᠡᠵᠢᠭᠡᠬᠦ᠂ ᠮᠠᠯ ᠠᠵᠤ ᠠᠬᠤᠢ ᠪᠠᠷ ᠲᠠᠷᠢᠶᠠᠯᠠᠩ ᠢ ᠠᠬᠢᠭᠤᠯᠬᠤ︾ ᠠᠵᠤ ᠦᠢᠯᠡᠰ ᠤᠨ ᠵᠠᠭᠪᠤᠷ᠂ ᠰᠢᠷ᠎ᠠ ᠤᠰᠤ ᠲᠣᠰᠬᠤᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠠᠵᠢᠯ ᠪᠣᠯᠤᠨ ᠬᠠᠳᠤᠨ ᠭᠤᠣᠯ ᠤᠨ ᠮᠠᠢ ᠶᠧ ᠬᠥ᠋ ᠺᠣᠮᠫᠠᠨᠢ ᠶᠢᠨ ᠨᠠᠮ ᠤᠨ ᠪᠠᠶᠢᠭᠤᠯᠤᠯᠲᠠ ᠪᠠᠷ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠬᠦᠳᠦᠯᠦᠨ ᠳᠠᠭᠠᠭᠤᠯᠵᠤ ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠬᠠᠮᠲᠤᠪᠠᠷ ᠰᠤᠷᠤᠯᠴᠠᠪᠠ᠃ ᠪᠦᠬᠦ᠋ᠢᠯᠡ ᠶᠠᠪᠤᠴᠠ ᠶᠢᠨ ᠭᠤᠣᠯ ᠰᠡᠳᠦᠪ ᠨᠢ ᠲᠣᠳᠣᠷᠬᠠᠢ᠂ ᠬᠡᠯᠪᠡᠷᠢ ᠨᠢ ᠤᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ ᠪᠠᠶᠢᠵᠤ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃      ᠲᠤᠰ ᠤᠳᠠᠭ᠎ᠠ ᠶᠢᠨ ᠦᠵᠡᠭᠦᠯᠦᠯᠭᠡ ᠶᠢᠨ ᠠᠵᠢᠯᠯᠠᠭ᠎ᠠ ᠶᠢ ᠲᠤᠬᠠᠢ ᠶᠢᠨ ᠭᠠᠵᠠᠷ ᠲᠤᠨᠢ ᠦᠵᠡᠭᠦᠯᠬᠦ᠂ ᠳᠡᠯᠭᠡᠨ ᠦᠵᠡᠭᠦᠯᠵᠦ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠦᠵᠡᠭᠦᠯᠦᠯᠭᠡ ᠶᠢᠨ ᠴᠡᠭ ᠤᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠱᠢᠶ᠎ᠡ ᠦᠵᠡᠭᠦᠯᠬᠦ ᠬᠢᠯᠠᠰ ᠴᠡᠭ ᠢ ᠭᠦᠢᠴᠡᠳ ᠢᠯᠡᠷᠡᠭᠦᠯᠵᠦ᠂ ᠲᠤᠷᠰᠢᠯᠭ᠎ᠠ ᠪᠠᠨ ᠰᠣᠯᠢᠯᠴᠠᠬᠤ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠬᠦ᠂ ᠴᠡᠷᠢᠭ ᠵᠡᠪᠰᠡᠭ ᠤᠨ ᠡᠷᠳᠡᠮ ᠪᠣᠯᠪᠠᠰᠤᠷᠠᠬᠤ ᠵᠣᠷᠢᠯᠭ᠎ᠠ ᠳᠤ ᠬᠦᠷᠴᠡᠢ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠬᠢᠨ ᠲᠤᠰ ᠤᠳᠠᠭ᠎ᠠ ᠶᠢᠨ ᠲᠣᠭᠤᠷᠢᠨ ᠦᠵᠡᠵᠦ ᠳᠠᠪᠲᠠᠨ ᠪᠣᠯᠪᠠᠰᠤᠷᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠪᠠᠨ ᠴᠢᠨᠠᠭᠰᠢᠳᠠ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠥᠪᠡᠷᠮᠢᠴᠡ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠬᠥᠭᠵᠢᠭᠦᠯᠵᠦ ᠪᠤᠶᠢᠵᠢᠭᠤᠯᠤᠨ᠎ᠠ᠃ ᠡᠭᠦᠨ ᠤ ᠬᠠᠮᠲᠤ ᠣᠷᠣᠨ ᠪᠦᠰᠡ ᠠᠯᠤᠰᠯᠠᠭᠰᠠᠨ ᠤᠯᠤᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠬᠤᠰᠢᠭᠤ ᠰᠢᠶᠠᠨ ᠤ ᠬᠤᠭᠤᠷᠣᠨᠳᠣᠬᠢ ᠰᠤᠷᠤᠯᠴᠠᠯᠭ᠎ᠠ᠂ ᠲᠣᠯᠢᠯᠠᠯ ᠰᠣᠯᠢᠯᠴᠠᠭ᠎ᠠ ᠶᠢ ᠠᠬᠢᠭᠤᠯᠵᠤ᠂ ᠮᠠᠨ ᠤ ᠰᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号