| | | | | | | | | | 8 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠱᠧᠩ ᠯᠧ | ᠬᠤᠶᠢᠲᠤ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ︽ᠲᠠᠪᠤᠳᠤᠭᠠᠷ | ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠬᠢᠨᠠᠨ ᠵᠢᠯᠣᠭᠤᠳᠪᠠ᠃ | ᠱᠧᠩ ᠯᠧ ᠬᠤᠶᠢᠲᠤ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠶᠠᠳᠤᠭᠠᠷ | ᠲᠠᠷᠢᠶᠠᠯᠠᠩ ᠤᠨ ᠲᠠᠯᠠᠪᠠᠢ ᠳᠤ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠠ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠦᠴᠢᠷᠳᠡᠯ ᠢ | ᠨᠠᠷᠢᠨ ᠣᠶᠢᠯᠠᠭᠠᠬᠤ ᠶᠢᠨ ᠬᠠᠮᠲᠤ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ | ᠠᠵᠢᠯ ᠢ ᠤᠯᠠᠮ ᠨᠢᠭᠡ ᠠᠯᠬᠤᠮ ᠰᠠᠶᠢᠲᠤᠷ ᠥᠷᠨᠢᠭᠦᠯᠬᠦ ᠲᠤᠬᠠᠶ ᠱᠠᠭᠠᠷᠳᠠᠯᠭ᠎ᠠ ᠳᠤᠷᠠᠳᠴᠠᠶ᠃ | ᠲᠡᠷᠡ ᠴᠢᠬᠤᠯᠠᠴᠢᠯᠠᠭᠰᠠᠨ ᠨᠢ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠣᠯ | ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠪᠠᠶᠢᠴᠠᠭᠠᠯᠲᠠ ᠮᠥᠨ᠂ ᠪᠠᠰᠠ ᠴᠤ ᠪᠦᠬᠦ ᠰᠢᠶᠠᠨ ᠤ ︽ | ᠬᠥᠷᠥᠩᠭᠡ︾ ᠶᠢᠨ ᠲᠤᠬᠠᠶ ᠨᠢᠭᠡ ᠤᠳᠠᠭᠠᠨ ᠤ ᠶᠡᠭᠡ ᠪᠦᠷᠢᠳᠬᠡᠯ ᠮᠥᠨ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ | ᠬᠠᠷᠢᠭᠤᠴᠠᠯᠭ᠎ᠠ ᠪᠠᠨ ᠴᠢᠩᠭ᠎ᠠ ᠳᠠᠷᠤᠵᠤ᠂ ᠭᠤᠭᠴᠤᠭ᠎ᠠ ᠨᠢᠭᠡᠪᠦᠷᠢ ᠪᠠ ᠨᠠᠷᠢᠨ ᠵᠦᠢᠯᠡᠰ ᠢ ᠰᠠᠶᠢᠲᠤᠷ ᠡᠵᠡᠮᠳᠡᠵᠦ᠂ | ᠠᠵᠤ ᠠᠬᠤᠢ ᠶᠢᠨ ︽ᠪᠠᠶᠢᠳᠠᠯ︾ ᠢ ᠣᠨᠣᠪᠴᠢᠲᠠᠢ ᠪᠥᠭᠡᠳ ᠪᠣᠳᠠᠲᠠᠢ ᠣᠶᠢᠯᠠᠭᠠᠵᠤ᠂ ᠮᠠᠨ ᠤ ᠰᠢᠶᠠᠨ ᠤ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠵᠣᠬᠢᠴᠠᠩᠭᠤᠢ ᠴᠢᠨᠠᠷ᠂ ᠵᠣᠬᠢᠴᠠᠯᠳᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ | ᠂ ᠡᠯ᠎ᠡ ᠵᠦᠢᠯ ᠤᠨ ᠡᠭᠦᠷᠭᠡ ᠪᠠᠨ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠪᠠᠷ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠴᠢᠩᠭ᠎ᠠ ᠲᠤᠬᠢᠷᠠᠭᠤᠯᠵᠤ᠂ ᠥᠨᠳᠥᠷ ᠬᠡᠪ | ᠪᠣᠯᠪᠠᠰᠤᠷᠠᠯ ᠲᠠᠢ᠂ ᠥᠨᠳᠥᠷ ᠲᠦᠪᠰᠢᠨ ᠲᠠᠢ ᠴᠡᠪᠡᠷᠯᠡᠨ ᠪᠠᠶᠢᠴᠠᠭᠠᠬᠤ ᠭᠤᠣᠯ ᠬᠦᠴᠦᠨ ᠢ ᠪᠠᠶᠢᠭᠤᠯᠵᠤ᠂ ︽ᠬᠡᠪᠢᠰ | ᠮᠠᠶ᠋ᠢᠭ︾ ᠤᠨ ᠴᠡᠪᠡᠷᠯᠡᠨ ᠪᠠᠶᠢᠴᠠᠭᠠᠬᠤ᠂ ︽ᠲᠣᠣᠷᠵᠢᠭᠤᠯᠤᠭᠰᠠᠨ︾ ᠨᠡᠶᠢᠳᠡᠮ ᠪᠠᠶᠢᠴᠠᠭᠠᠯᠲᠠ ᠶᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠢ᠂ | ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠪᠠᠲᠤᠯᠠᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠦᠯᠲᠡᠢ | ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠠᠬᠢᠴᠠ ᠶᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ | ᠳᠥᠯᠭᠢᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠪᠥᠬᠦ ᠲᠠᠯ᠎ᠠ ᠶᠢ ᠪᠠᠶᠢᠴᠠᠭᠠᠬᠤ᠂ ᠣᠨᠣᠪᠴᠢᠲᠠᠶ ᠪᠠᠶᠢᠴᠠᠭᠠᠬᠤ᠂ | ᠪᠠᠶᠢᠴᠠᠭᠠᠨ ᠳᠣᠲᠣᠯᠠᠬᠤ ᠶᠢ ᠬᠦᠴᠦᠯᠡᠨ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨᠵᠢᠯᠡᠬᠦ | ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠬᠤ ᠬᠡᠷᠡᠭᠲᠡᠶ ᠭᠡᠵᠦ | ᠵᠢᠭᠠᠵᠤ ᠭᠠᠷᠭᠠᠪᠠ᠃ | | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ |