| | | 8 ᠰᠠᠷ᠎ᠠ ᠶᠢᠨ 3 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠣᠯᠤᠨ ᠬᠤᠷᠢᠨᠭᠡᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠶᠠᠷ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠪᠥᠬᠦ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ᠂ ᠰᠢᠶᠠᠨ᠂ ᠰᠢᠶᠠᠩ ᠪᠠᠯᠭᠠᠰᠤ ᠶᠢᠨ ᠲᠠᠪᠤᠨ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠤᠷᠢᠨᠭᠡᠷ ᠰᠢᠶᠠᠨ ᠳᠤ | ᠣᠴᠢᠭᠤᠯᠤᠨ ᠬᠠᠮᠲᠤ ᠪᠠᠷ ᠪᠠᠶᠢᠴᠠᠭᠠᠨ ᠦᠵᠡᠪᠡ᠃ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠷᠢᠳ ᠬᠤᠵᠢᠳ ᠬᠤᠷᠢᠨᠭᠡᠷ ᠰᠢᠶᠠᠨ ᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠲᠦᠮᠡᠨ ᠮᠥ ᠵᠠᠳᠠᠭᠠᠶ ᠭᠠᠵᠠᠷ ᠤᠨ | ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠤᠨ ᠲᠥᠷᠥᠯ ᠵᠦᠢᠯ ᠢ ᠲᠣᠭᠤᠷᠢᠨ ᠦᠵᠡᠵᠦ᠂ ᠥᠪᠥᠷ | ᠮᠣᠩᠭᠤᠯ ᠤᠨ ᠲᠢᠶᠠᠨ ᠬᠤᠤ ᠰᠢᠯᠦᠨ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 60 ᠲᠦᠮᠡᠨ | ᠲᠣᠨ ᠰᠢᠯ ᠰᠢᠷᠬᠡᠭ ᠦᠢᠯᠡᠳᠬᠦ ᠲᠥᠷᠥᠯ ᠵᠦᠢᠯ᠂ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠠᠭᠠᠯᠢ ᠶᠢᠨ ᠢᠮᠠᠭ᠎ᠠ ᠶᠢ ᠬᠡᠪᠴᠢᠶᠡᠵᠢᠭᠦᠯᠦᠨ | ᠦᠷᠡᠵᠢᠭᠦᠯᠵᠦ ᠲᠡᠵᠢᠭᠡᠨ ᠦᠷᠡᠵᠢᠭᠦᠯᠬᠦ ᠲᠥᠷᠥᠯ ᠵᠦᠢᠯ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠲᠥᠯᠥᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ ᠵᠢᠴᠢ ᠬᠤᠷᠢᠨᠭᠡᠷ ᠰᠢᠨ᠎ᠡ ᠲᠣᠭᠤᠷᠢᠭ ᠤᠨ | ᠥᠪᠥᠷ ᠮᠣᠩᠭᠤᠯ ᠤᠨ ᠶᠦᠨ ᠬᠥ᠋ ᠲᠣᠭᠠᠴᠢᠯᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ | ᠲᠤᠭ᠎ᠠ ᠪᠠᠷᠢᠮᠲᠠ ᠶᠢᠨ ᠲᠥᠪ ᠢ ᠲᠤᠭᠤᠷᠢᠨ ᠦᠵᠡᠭᠰᠡᠨ ᠪᠠᠶᠢᠨ᠎ᠠ᠃ | ᠰᠢᠨᠵᠢᠯᠡᠨ ᠪᠠᠶᠢᠴᠠᠭᠠᠬᠤ ᠶᠠᠪᠤᠴᠠ ᠳᠤ᠂ ᠲᠥᠯᠥᠭᠡᠯᠡᠭᠴᠢᠳ ᠶᠠᠪᠤᠬᠤ ᠶᠢᠨ ᠳᠠᠭᠠᠤ ᠦᠵᠡᠵᠦ᠂ | ᠰᠣᠨᠣᠰᠬᠤ ᠶᠢᠨ ᠳᠠᠭᠠᠤ ᠶᠠᠷᠢᠯᠴᠠᠵᠤ᠂ ᠲᠦᠷᠦᠯ ᠵᠦᠢᠯ ᠤᠨ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠪᠠ᠃ | ᠬᠤᠷᠢᠨᠭᠡᠷ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ | ᠨᠤᠲᠠᠯᠠᠵᠤ᠂ ᠲᠡᠷᠡᠴᠢᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠠᠨ | ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ | ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠯᠠᠨ ᠤ ᠠᠩᠬᠠᠷᠤᠯ ᠬᠠᠯᠠᠮᠵᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ | ᠂ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ᠨᠡᠩ ᠤᠯᠠᠨ ᠳᠡᠭᠡᠳᠦ ᠬᠡᠮᠵᠢᠶ᠎ᠡ ᠲᠠᠢ᠂ ᠶᠠᠰᠤ ᠴᠢᠨᠠᠷ ᠲᠠᠢ᠂ | ᠬᠠᠨᠳᠤᠯᠭᠠᠲᠤ ᠴᠢᠨᠠᠷ ᠢᠶᠠᠷ ᠨᠡᠩ ᠴᠢᠩᠭ᠎ᠠ ᠰᠠᠨᠠᠭᠤᠯᠭ᠎ᠠ ᠳᠤᠷᠠᠳᠴᠤ᠂ ᠬᠤᠷᠢᠨᠭᠡᠷ ᠰᠢᠶᠠᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠤᠶᠤᠨ ᠤᠬᠠᠭᠠᠨ ᠪᠣᠯᠤᠨ ᠬᠦᠴᠦᠨ ᠴᠢᠳᠠᠯ ᠢ ᠨᠡᠮᠡᠷᠢᠯᠡᠨ᠎ᠡ ᠭᠡᠵᠦ ᠢᠯᠡᠳᠬᠡᠵᠡᠢ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | |