ᠳᠡᠯᠡᠬᠡᠶ ᠶᠢᠨ ᠰᠦ ᠶᠢᠨ ᠦᠢᠯᠡᠰ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2023/8/7
     ᠸᠠᠩ ᠯᠢ ᠰᠢᠶᠠ ᠪᠠᠶᠠᠷ ᠤᠨ ᠦᠭᠡ ᠶᠠᠷᠢᠵᠠᠢ      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠠᠩ ᠺᠦᠢ︶ ︽ᠤᠷᠭᠤᠬᠤ ᠨᠠᠷᠠᠨ ᠤ ᠲᠤᠶᠠᠭᠠᠨ ᠳᠤ ᠦᠭᠡᠷ ᠬᠤᠨᠢᠳ ᠪᠡᠯᠴᠢᠵᠦ᠂ ᠤᠷᠢᠬᠠᠨ ᠰᠠᠯᠬᠢᠨ ᠤ ᠠᠶ᠎ᠠ ᠪᠠᠷ ᠰᠦ ᠶᠢᠨ ᠦᠨᠦᠷ ᠬᠠᠩᠬᠤᠯᠤᠨ᠎ᠠ︾᠃ 8 ᠰᠠᠷ᠎ᠠ ᠶᠢᠨ 5 ᠤ ᠡᠳᠦᠷ᠂ ᠳᠡᠯᠡᠬᠡᠶ ᠶᠢᠨ ᠰᠦ ᠶᠢᠨ ᠦᠢᠯᠡᠰ ᠤᠨ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠶᠡᠭᠡ ᠬᠤᠷᠠᠯ ᠨᠢ ︽ᠰᠢᠨ᠎ᠡ ᠶᠢ ᠡᠭᠦᠳᠬᠦ᠂ ᠬᠠᠮᠲᠤᠷᠠᠯᠴᠠᠭ᠎ᠠ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠳᠡᠯᠡᠬᠡᠶ ᠶᠢᠨ ᠰᠦ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠪᠠᠷ ᠭᠤᠤᠯ ᠰᠡᠳᠦᠪ ᠪᠣᠯᠭᠠᠵᠤ᠂ ᠳᠡᠯᠡᠬᠡᠶ ᠶᠢᠨ ᠪᠠ ᠳᠤᠮᠳᠠᠳᠤ ᠤᠯᠤᠰ ᠤᠨ ᠰᠦ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ᠂ ᠰᠦ ᠶᠢᠨ ᠦᠢᠯᠡᠰ ᠤᠨ ᠬᠡᠯᠬᠢᠶ᠎ᠡ ᠶᠢᠨ ᠣᠯᠠᠨ ᠤᠯᠤᠰ ᠤᠨ ᠨᠡᠷᠡᠲᠦ ᠠᠵᠤ ᠠᠬᠤᠶᠢᠯᠠᠯ ᠵᠢᠴᠢ ︽ᠬᠤᠶᠠᠷ ᠬᠦᠷᠢᠶᠡᠯᠡᠩ︾ ᠤᠨ ᠠᠺᠠᠳᠧᠮᠢᠴᠢ ᠵᠡᠷᠭᠡ ᠡᠷᠳᠡᠮᠲᠡᠨ ᠮᠡᠷᠭᠡᠵᠢᠯᠲᠡᠨ ᠢ ᠤᠷᠢᠨ ᠵᠠᠯᠠᠵᠤ᠂ ᠴᠡᠯᠡᠭᠡᠷ ᠲᠠᠯ᠎ᠠ ᠶᠢᠨ ᠬᠤᠷᠠᠯ ᠤᠨ ᠲᠥᠪ ᠲᠤ ᠴᠤᠭᠯᠠᠷᠠᠵᠤ᠂ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠥᠬᠦᠷ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ ᠪᠠᠶᠠᠷ ᠤᠨ ᠦᠭᠡ ᠬᠡᠯᠡᠭᠰᠡᠨ ᠪᠥᠭᠡᠳ ᠬᠤᠷᠠᠯ ᠳᠤ ᠣᠷᠣᠯᠴᠠᠭᠰᠠᠨ ᠡᠷᠬᠢᠮ ᠵᠣᠴᠢᠳ ᠲᠠᠢ ᠠᠭᠤᠯᠵᠠᠪᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠶᠡᠷᠦᠩᠬᠡᠢ ᠮᠠᠯ ᠠᠵᠤ ᠠᠬᠤᠶᠢᠴᠢ ᠵᠠᠩ ᠲᠢᠶᠠᠨ ᠽᠦᠸᠧ ᠪᠠᠶᠠᠷ ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠪᠦᠦ ᠭᠠᠩ᠂ ᠳᠠᠶᠢᠴᠢᠨ᠂ ᠵᠠᠩ ᠯᠸᠢ᠂ ᠰᠦᠨ ᠵᠢᠶᠦ᠋ᠨ ᠴᠢᠩ ᠣᠷᠣᠯᠴᠠᠵᠤ᠂ ᠶᠠᠩ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠣᠯᠠᠨ ᠤᠯᠤᠰ ᠤᠨ ᠴᠠᠭᠠᠨ ᠢᠳᠡᠭᠡᠨ ᠤ ᠬᠤᠯᠪᠣᠭ᠎ᠠ ᠶᠢᠨ ᠲᠡᠷᠢᠭᠦᠯᠡᠭᠴᠢ ᠫᠠᠢᠯᠺᠤᠷᠢᠰᠲ᠋ᠢᠶᠠᠨᠣ᠋ · ᠪᠦᠯᠠᠵᠠᠯᠧ ᠪᠠᠶᠠᠷ ᠤᠨ ᠦᠭᠡ ᠬᠡᠯᠡᠵᠦ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠥᠬᠡᠬᠤᠲᠠ ᠶᠢᠨ ᠰᠦ ᠶᠢᠨ ᠠᠵᠤ ᠦᠢᠯᠡᠰ ᠤᠨ ᠲᠤᠬᠠᠢ ᠲᠠᠨᠢᠯᠴᠠᠭᠤᠯᠭ᠎ᠠ ᠬᠢᠵᠦ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠶᠢᠭᠡᠮᠯᠢᠭ᠂ ᠣᠯᠠᠨ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠯᠪᠣᠭ᠎ᠠ ᠠᠴᠠ ᠬᠥᠬᠡᠬᠤᠲᠠ ᠳᠤ ᠲᠣᠰ ᠲᠣᠰ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠬᠤᠳᠠ︾᠂ ︽ᠳᠡᠯᠡᠬᠡᠶ ᠶᠢᠨ ᠴᠠᠭᠠᠨ ᠢᠳᠡᠭᠡᠨ ᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ︾ ᠶᠢᠨ ᠴᠣᠯᠠ ᠣᠯᠭᠤᠪᠠ᠃ ᠬᠤᠷᠠᠯ ᠳᠤ ᠣᠷᠣᠯᠴᠠᠭᠰᠠᠨ ᠡᠷᠬᠢᠮ ᠵᠣᠴᠢᠳ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠭᠠᠵᠠᠷ ᠤᠨ ᠪᠠᠷᠢᠯᠭ᠎ᠠ ᠲᠠᠭᠤᠰᠴᠤ ᠠᠰᠢᠭᠯᠠᠯᠲᠠ ᠳᠤ ᠣᠷᠣᠬᠤ ᠶᠢ ᠬᠠᠮᠲᠤ ᠪᠠᠷ ᠭᠡᠷᠡᠴᠢᠯᠡᠪᠡ᠃ ᠢᠯᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠠᠨ ᠭᠠᠩ᠂ ᠾᠧᠩ ᠲᠢᠶᠠᠨ ᠷᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠢᠲᠷ · ᠮᠠᠶᠢᠺᠪᠯᠠᠶᠢᠶᠢᠳ᠋᠂ ᠮᠧᠩ ᠨᠢᠤ ᠪᠦᠯᠦᠭᠯᠡᠯ ᠤᠨ ᠶᠡᠷᠦᠩᠬᠡᠢ ᠵᠠᠬᠢᠷᠤᠭᠴᠢ ᠯᠦ ᠮᠢᠨ ᠹᠠᠩ᠂ ᠠᠯᠠᠹᠦ᠋ᠽᠢ ᠺᠤᠮᠫᠠᠨᠢ ᠶᠢᠨ ᠭᠦᠢᠴᠡᠳᠭᠡᠭᠴᠢ ᠳᠡᠳ᠋ ᠶᠡᠷᠦᠩᠬᠡᠢ ᠵᠠᠬᠢᠷᠤᠭᠴᠢ ᠰᠢᠮᠧᠩ ᠱᠢᠳᠢᠸᠧᠰ᠂ ᠯᠢ ᠯᠧ ᠪᠦᠯᠦᠭᠯᠡᠯ ᠤᠨ ᠪᠦᠬᠦᠪᠥᠮᠪᠥᠷᠴᠡᠭ ᠤᠨ ᠳᠡᠳ᠋ ᠶᠡᠷᠦᠩᠬᠡᠢ ᠵᠠᠬᠢᠷᠤᠭᠴᠢ ᠲᠠᠲ᠋ᠢᠶᠠᠨᠠ · ᠯᠢᠰᠠᠶᠢᠲ᠋ᠢ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠵᠡᠢ᠃ ᠶᠡᠭᠡ ᠬᠤᠷᠠᠯ ᠠᠴᠠ ᠪᠦᠬᠦ ᠳᠡᠯᠡᠬᠡᠢ ᠳᠤ ︽ᠰᠦ ᠶᠢᠨ ᠦᠢᠯᠡᠰ ᠤᠨ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠶᠢᠨ ᠬᠥᠬᠡᠬᠤᠲᠠ ᠶᠢᠨ ᠰᠠᠨᠠᠭᠠᠴᠢᠯᠠᠭ᠎ᠠ︾ ᠭᠠᠷᠭᠠᠪᠠ᠃      ᠶᠡᠭᠡ ᠬᠤᠷᠠᠯ ᠤᠨ ᠬᠤᠭᠤᠴᠠᠭᠠᠨ ᠳᠤ ᠪᠠᠰᠠ ︽ᠨᠢᠭᠡ ᠰᠢᠷᠬᠡᠭ ᠡᠪᠡᠰᠦ ᠠᠴᠠ ᠨᠢᠭᠡ ᠴᠤᠮᠤ ᠰᠦ︾ ᠬᠥᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠷᠥᠯ ᠵᠦᠢᠯ ᠢ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ᠂ ᠤᠯᠤᠰ ᠤᠨ ᠳᠣᠲᠣᠭᠠᠳᠤ ᠶᠢᠨ ᠰᠦ ᠶᠢᠨ ᠦᠢᠯᠡᠰ ᠤᠨ ᠨᠠᠷᠠᠲᠤ ᠲᠤᠰᠬᠠᠢ ᠮᠡᠷᠭᠡᠵᠢᠯᠲᠡᠨ᠂ ᠡᠷᠳᠡᠮᠲᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠨᠠᠷᠠᠲᠤ ᠴᠠᠭᠠᠨ ᠢᠳᠡᠭᠡᠨ ᠤ ᠠᠵᠤ ᠠᠬᠤᠶᠢᠯᠠᠯ ᠵᠢᠴᠢ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠵᠡᠷᠭᠡ ᠶᠢᠨ ᠲᠥᠯᠥᠭᠡᠯᠡᠭᠴᠢᠳ ᠢ ᠤᠷᠢᠵᠤ ᠭᠤᠤᠯ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠬᠦ ᠶᠢᠨ ᠬᠠᠮᠲᠤ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ      ᠦᠵᠡᠰᠭᠦᠯᠡᠩ ᠤᠨ ᠴᠤᠭᠯᠠᠭᠠᠨ ᠪᠠ ᠳᠡᠯᠡᠬᠡᠶ ᠶᠢᠨ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠡᠷᠬᠢᠯᠡᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号