| | | | | | | | | | ᠪᠦᠬᠦ ᠰᠢᠶᠠᠨ ᠤ ᠥᠷᠭᠡᠨ ᠣᠯᠠᠨ ᠺᠠᠳ᠋ᠷ ᠠᠵᠢᠯᠲᠠᠨ ᠤ ᠠᠵᠢᠯ ᠤᠨ ᠬᠠᠯᠠᠭᠤᠨ ᠵᠣᠷᠢᠭ ᠢ ᠨᠡᠮᠡᠭᠳᠡᠭᠦᠯᠦᠨ᠂ | ᠪᠥᠬᠦ ᠰᠢᠶᠠᠨ ᠤ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠪᠥᠬᠦ ᠲᠠᠯ᠎ᠠ ᠪᠠᠷ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠨᠡᠶᠢᠳᠡᠮ ᠪᠦᠷᠬᠦᠭᠦᠯᠬᠦ᠂ ᠪᠠᠶᠢᠩᠭᠤᠵᠢᠭᠤᠯᠤᠨ ᠥᠷᠨᠢᠭᠦᠯᠬᠦ ᠶᠢ ᠳᠥᠯᠭᠢᠨ | ᠠᠬᠢᠭᠤᠯᠬᠤ ᠶᠢᠨ ᠲᠤᠰᠠᠳᠠ᠂ 8 ᠰᠠᠷ᠎ᠠ ᠶᠢᠨ 5 ᠤ ᠡᠳᠦᠷ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ | ᠣᠷᠳᠣᠨ ᠠᠴᠠ ᠭᠤᠤᠯᠯᠠᠨ ᠡᠷᠭᠢᠯᠡᠵᠦ᠂ ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠬᠤᠷᠢᠨᠭᠡᠷ ᠰᠢᠶᠠᠨ ᠤ ᠺᠠᠳ᠋ᠷ ᠠᠵᠢᠯᠲᠠᠨ ᠠᠵᠢᠯᠴᠢᠨ ᠤ ︽ᠪᠡᠶ᠎ᠡ ᠶᠢᠨ | ᠲᠠᠮᠢᠷ ᠤᠨ ᠱᠠᠩᠨᠠᠯᠲᠤ ᠬᠤᠨᠳᠠᠭᠠᠲᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠭᠰᠤᠨ ᠪᠥᠮᠪᠦᠭᠡ ᠶᠢᠨ | ᠤᠷᠤᠯᠳᠤᠭᠠᠨ ᠵᠢᠴᠢ ︽ᠬᠤᠳᠠᠯᠳᠤᠭ᠎ᠠ ᠡᠵᠡᠩᠨᠡᠬᠦ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠡᠬᠢᠯᠡᠪᠡ᠃ | | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |