ᠮᠠᠨ ᠤ ᠣᠷᠣᠨ ᠶᠡᠭᠡ ᠬᠡᠮᠵᠢᠶᠡᠨ ᠤ ᠡᠳ᠋ ᠪᠣᠳᠠᠰ ᠢᠶᠠᠷ ᠪᠡᠭᠡᠵᠢᠩ ᠲᠢᠶᠠᠨᠵᠢᠨ ᠾᠧᠪᠧᠢ ᠶᠢᠨ ᠭᠠᠮᠰᠢᠭᠳᠠᠭᠰᠠᠨ ᠣᠷᠣᠨ ᠢ ᠲᠤᠰᠠᠯᠠᠪᠠ
ᠨᠡᠶᠢᠲᠡᠯᠡᠭᠰᠡᠨ ᠴᠠᠭ᠄
2023/8/9
     ᠪᠡᠭᠡᠵᠢᠩ ᠲᠢᠶᠠᠨᠵᠢᠨ ᠾᠧᠪᠧᠢ ᠳᠤ ᠲᠦᠢᠯ ᠤᠨ ᠰᠢᠷᠦᠭᠦᠨ ᠪᠣᠷᠣᠭᠠᠨ ᠣᠷᠣᠭᠰᠠᠨ ᠠᠴᠠ ᠪᠣᠯᠤᠭᠰᠠᠨ ᠭᠠᠮᠰᠢᠭ ᠤᠨ ᠪᠠᠶᠢᠳᠠᠯ ᠨᠢ ᠥᠪᠥᠷ ᠮᠣᠩᠭᠤᠯ ᠤᠨ ᠠᠷᠠᠳ ᠲᠦᠮᠡᠨ ᠤ ᠰᠠᠨᠠᠭᠠᠰᠢᠷᠠᠯ ᠪᠣᠯᠣᠭᠰᠠᠭᠠᠷ ᠪᠠᠶᠢᠨ᠎ᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠷ᠂ ᠭᠠᠮᠰᠢᠭᠳᠠᠭᠰᠠᠨ ᠣᠷᠣᠨ ᠤ ᠬᠡᠷᠡᠭᠴᠡᠭᠡ ᠶᠢ ᠵᠣᠯᠭᠠᠭᠤᠯᠵᠤ᠂ ᠥᠪᠥᠷ ᠮᠣᠩᠭᠤᠯ ᠤᠨ ᠶᠡᠭᠡ ᠬᠡᠮᠵᠢᠶᠡᠨ ᠤ ᠡᠳ᠋ ᠪᠣᠳᠠᠰ ᠢ ᠪᠡᠭᠡᠵᠢᠩ ᠲᠢᠶᠠᠨᠵᠢᠨ ᠾᠧᠪᠧᠢ ᠶᠢᠨ ᠭᠠᠮᠰᠢᠭᠳᠠᠭᠰᠠᠨ ᠣᠷᠣᠨ ᠤᠷᠤᠭᠤ ᠢᠯᠡᠭᠡᠵᠡᠢ᠃      ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ 760 ᠲᠣᠨ ᠦᠨᠢᠶᠡᠨ ᠰᠦ᠂ 400 ᠲᠣᠨ ᠪᠣᠷᠣᠳᠣᠬᠤᠢ ᠶᠢᠨ ᠭᠤᠯᠢᠷ᠂ 300 ᠲᠣᠨ ᠬᠢᠩᠭᠠᠨ ᠠᠶᠢᠮᠠᠭ ᠤᠨ ᠲᠤᠲᠤᠷᠭ᠎ᠠ᠂ 25 ᠲᠣᠨ ᠰᠢᠯᠢ ᠶᠢᠨ ᠭᠤᠣᠯ ᠠᠶᠢᠮᠠᠭ ᠤᠨ ᠬᠤᠨᠢᠨ ᠮᠢᠬ᠎ᠠ ᠶᠢ ᠪᠠᠭᠲᠠᠭᠠᠭᠰᠠᠨ 1500 ᠲᠦᠮᠡᠨ ᠲᠥᠭᠦᠷᠢᠭ ᠤᠨ ᠠᠮᠢᠳᠤᠷᠠᠯ ᠤᠨ ᠡᠳ᠋ ᠪᠣᠳᠠᠰ ᠢ ᠰᠢᠯᠵᠢᠭᠦᠯᠦᠨ ᠲᠣᠬᠢᠷᠠᠭᠤᠯᠵᠤ᠂ ᠾᠧᠪᠧᠢ᠂ ᠲᠢᠶᠠᠨᠵᠢᠨ ᠳᠤ ᠪᠠᠴᠢᠮ ᠲᠤᠰᠠᠯᠠᠮᠵᠢ ᠦᠵᠡᠭᠦᠯᠪᠡ᠃      8 ᠳ᠋ᠤᠭᠠᠷ ᠰᠠᠷ᠎ᠠ ᠶᠢᠨ 5 ᠤ ᠡᠳᠦᠷ᠂ ᠢᠯᠢ ᠪᠦᠯᠦᠭᠯᠡᠯ 400 ᠲᠣᠨ ᠤ ᠵᠠᠬᠢᠶᠠᠯᠠᠭ᠎ᠠ ᠶᠢᠨ ᠦᠨᠢᠶᠡᠨ ᠰᠦ ᠶᠢ ᠬᠥᠬᠡᠬᠤᠲᠠ ᠪᠣᠯᠣᠨ ᠾᠧᠪᠧᠢ ᠮᠤᠵᠢ ᠶᠢᠨ ᠳ᠋ᠢᠩᠵᠸᠦ ᠬᠤᠳᠠ ᠠᠴᠠ ᠳᠤᠰ ᠳᠤᠰ ᠢᠯᠡᠭᠡᠭᠡᠨ᠂ ᠾᠧᠪᠧᠢ ᠮᠤᠵᠢ ᠶᠢᠨ ᠭᠠᠮᠰᠢᠭᠳᠠᠭᠰᠠᠨ ᠭᠠᠵᠠᠷ ᠣᠷᠣᠨ ᠳᠤ ᠬᠦᠷᠭᠡᠵᠦ᠂ ᠡᠭᠦᠨ ᠠᠴᠠ ᠭᠠᠳᠠᠨ᠎ᠠ ᠪᠠᠰᠠ 94 ᠲᠣᠨ ᠤ ᠵᠠᠬᠢᠶᠠᠯᠠᠭ᠎ᠠ ᠶᠢᠨ ᠦᠨᠢᠶᠡᠨ ᠰᠦ ᠶᠢ ᠲᠢᠶᠠᠨᠵᠢᠨ ᠤ ᠤᠰᠤᠨ ᠳᠤ ᠬᠤᠷᠢᠭᠳᠠᠭᠰᠠᠨ ᠭᠠᠵᠠᠷ ᠣᠷᠣᠨ ᠳᠤ ᠬᠦᠷᠭᠡᠵᠡᠢ᠃ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠸᠧᠢ ᠵᠢᠶᠠ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠾᠧᠪᠧᠢ ᠮᠤᠵᠢ ᠳᠤ ᠲᠤᠰᠠᠯᠠᠬᠤ 100 ᠲᠣᠨ ᠲᠤᠲᠤᠷᠭ᠎ᠠ ᠶᠢ ᠶᠠᠭ ᠪᠠᠴᠢᠮ ᠲᠦᠷᠭᠡᠨ ᠢᠶᠠᠷ ᠪᠣᠯᠪᠠᠰᠤᠷᠠᠭᠤᠯᠵᠤ᠂ ᠪᠣᠯᠪᠠᠰᠤᠷᠠᠭᠤᠯᠤᠭᠰᠠᠨ ᠲᠤᠲᠤᠷᠭ᠎ᠠ ᠶᠢ ᠳᠠᠷᠦ᠋ᠢᠬᠠᠨ ᠪᠣᠭᠤᠳᠠᠯᠯᠠᠨ ᠮᠠᠰᠢᠨ ᠲᠡᠷᠭᠡᠨ ᠳᠤ ᠰᠠᠪᠠᠯᠠᠵᠤ ᠵᠠᠷᠯᠢᠭ ᠬᠦᠯᠢᠶᠡᠨ ᠬᠦᠳᠡᠯᠬᠦ ᠳᠤ ᠴᠠᠭ ᠢᠮᠠᠭᠲᠠ ᠪᠡᠯᠡᠬᠡᠨ ᠪᠣᠯᠪᠠ᠃ ᠡᠷᠳᠡᠨᠢ ᠮᠢᠬᠠᠨ ᠤ ᠦᠢᠯᠡᠰ ᠤᠨ ᠭᠥᠯᠢᠶᠡᠨ ᠠᠪᠤᠭᠰᠠᠨ 25 ᠲᠣᠨ ᠵᠠᠬᠢᠶᠠᠯᠠᠭ᠎ᠠ ᠶᠢᠨ ᠬᠤᠨᠢᠨ ᠮᠢᠬ᠎ᠠ ᠶᠢ ᠰᠢᠯᠢ ᠶᠢᠨ ᠭᠤᠣᠯ ᠠᠶᠢᠮᠠᠭ ᠠᠴᠠ ᠨᠢᠭᠡᠨᠲᠡ ᠶᠠᠪᠤᠭᠤᠯᠵᠤ᠂ ᠪᠠᠷᠤᠭ ᠡᠨᠡ ᠣᠷᠣᠢ ᠲᠢᠶᠠᠨᠵᠢᠨ ᠳᠤ ᠬᠥᠷᠥᠨ᠎ᠡ᠃      ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠤᠭ ᠰᠢᠨ᠎ᠡ ᠰᠤᠷᠠᠭ ᠴᠢᠮᠡᠭᠡ ᠶᠢ ᠦᠨᠳᠦᠰᠦᠯᠡᠪᠡᠯ᠂ 8 ᠳ᠋ᠤᠭᠠᠷ ᠰᠠᠷ᠎ᠠ ᠶᠢᠨ 5 ᠤ ᠡᠳᠦᠷ ᠤᠨ 8 ᠴᠠᠭ ᠪᠣᠯᠲᠠᠯ᠎ᠠ᠂ ᠥᠪᠥᠷ ᠮᠣᠩᠭᠤᠯ ᠨᠢᠭᠡᠨᠲᠡ ᠪᠡᠭᠡᠵᠢᠩ ᠬᠤᠲᠠ ᠳᠤ 2167.44 ᠲᠦᠮᠡᠨ ᠲᠥᠭᠦᠷᠢᠭ ᠵᠣᠭᠤᠰ ᠪᠣᠯᠣᠨ ᠡᠳ᠋ ᠪᠣᠳᠠᠰ ᠬᠠᠨᠳᠢᠪᠯᠡᠪᠠ᠂ ᠡᠭᠦᠨ ᠳᠤ 32.45 ᠲᠦᠮᠡᠨ ᠲᠥᠭᠦᠷᠢᠭ ᠵᠣᠭᠤᠰ ᠬᠠᠨᠳᠢᠪᠯᠡᠵᠤ᠂ ᠬᠠᠨᠳᠢᠪᠯᠡᠭ᠌ᠰᠠᠨ ᠡᠳ᠋ ᠪᠣᠳᠠᠰ ᠢ ᠨᠤᠭᠤᠯᠤᠨ ᠪᠣᠳᠣᠪᠠᠯ 2134.99 ᠲᠦᠮᠡᠨ ᠲᠥᠭᠦᠷᠢᠭ ᠬᠥᠷᠥᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号