ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠳᠥᠷᠪᠡᠳᠦᠭᠡᠷ ᠬᠤᠭᠤᠴᠠᠭᠠᠨ ᠤ ᠲᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ 9 ᠰᠠᠷ᠎ᠠ ᠶᠢᠨ 6 ᠠᠴᠠ | 10 ᠤ ᠡᠳᠦᠷ ᠪᠤᠯᠳᠠᠯ᠎ᠠ ᠭᠦᠭᠡᠬᠤᠳᠠ ᠳᠤ ᠶᠠᠪᠤᠭᠳᠠᠬᠤ ᠪᠠᠷ ᠪᠠᠶᠢᠵᠤ᠂ ᠣᠳᠣᠬᠠᠨ ᠳᠤ ᠡᠯ᠎ᠡ ᠵᠦᠢᠯ ᠤᠨ ᠪᠡᠯᠡᠳᠬᠡᠯ | ᠠᠵᠢᠯ ᠪᠠᠴᠢᠮ ᠶᠠᠭᠠᠷᠠᠯᠲᠠᠢ ᠮᠥᠷᠲᠡᠭᠡᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | 2014 ᠣᠨ ᠤ 8 ᠰᠠᠷ᠎ᠠ ᠳᠤ ᠲᠡᠷᠢᠭᠦᠯᠡᠭᠴᠢ ᠰᠢ ᠶᠢᠨ ᠫᠢᠩ ᠮᠣᠩᠭᠤᠯ ᠤᠯᠤᠰ ᠲᠤ ᠠᠶᠢᠯᠴᠢᠯᠠᠬᠤ ᠳᠠᠭᠠᠨ | ᠮᠣᠩᠭᠤᠯ ᠤᠯᠤᠰ ᠤᠨ ᠤᠳᠤᠷᠢᠳᠬᠤ ᠬᠥᠮᠥᠰ ᠲᠠᠢ ᠳᠤᠮᠳᠠᠳᠤ ᠤᠯᠤᠰ — ᠮᠣᠩᠭᠤᠯ ᠤᠯᠤᠰ ᠤᠨ | ᠦᠵᠡᠰᠭᠦᠯᠡᠩ ᠤᠨ ᠴᠤᠭᠯᠠᠭᠠᠨ ᠢ ᠡᠷᠭᠢᠯᠡᠭᠦ ᠪᠠᠷ ᠵᠥᠪᠳᠡᠯᠴᠡᠨ ᠲᠣᠭᠲᠠᠭᠰᠠᠨ ᠪᠥᠭᠡᠳ ︽ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ ᠬᠥᠭᠵᠢᠭᠦᠯᠬᠦ ᠲᠤᠬᠠᠢ ᠬᠠᠮᠲᠤᠷᠠᠭᠰᠠᠨ | ᠲᠤᠩᠬᠠᠭ︾ ᠲᠤ ᠪᠢᠴᠢᠵᠦ ᠣᠷᠣᠭᠤᠯᠵᠠᠢ᠃ ᠡᠨᠡ ᠨᠢ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠳᠤᠮᠳᠠᠳᠤ | ᠮᠣᠩᠭᠤᠯ ᠬᠤᠶᠠᠷ ᠤᠯᠤᠰ ᠴᠢᠨᠠᠭᠰᠢᠯᠠᠪᠠᠯ ᠵᠡᠭᠦᠨ ᠬᠤᠶᠢᠲᠤ ᠠᠽᠢᠶ᠎ᠠ ᠶᠢᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ ᠴᠣᠭᠴᠠᠯᠠᠭᠰᠠᠨ | ᠪᠠᠰᠠ ᠨᠢᠭᠡᠨ ᠴᠢᠬᠤᠯᠠ ᠲᠠᠪᠴᠠᠩ ᠪᠣᠯᠣᠨ᠎ᠠ᠃ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠲᠤᠰ | ᠲᠤᠰ 2015 ᠣᠨ᠂ 2017 ᠣᠨ᠂ 2019 ᠣᠨ ᠳᠤ ᠭᠤᠷᠪᠠᠨ ᠬᠤᠭᠤᠴᠠᠭ᠎ᠠ ᠠᠮᠵᠢᠯᠲᠠᠲᠠᠢ ᠡᠷᠭᠢᠯᠡᠵᠠᠢ᠃ | ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠪᠦᠭᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ᠂ ᠮᠣᠩᠭᠤᠯ ᠤᠯᠤᠰ ᠤᠨ ᠬᠦᠨᠡᠰᠦ ᠮᠠᠯ | ᠠᠵᠤ ᠠᠬᠤᠢ ᠲᠠᠷᠢᠶᠠᠯᠠᠩ ᠬᠢᠭᠡᠳ ᠬᠥᠩᠭᠡᠨ ᠠᠵᠤ ᠦᠢᠯᠡᠳᠪᠦᠷᠢ ᠶᠢᠨ ᠶᠠᠮᠤᠨ ᠪᠣᠯᠣᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠵᠦ᠂ ︽ | ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠵᠤ ᠬᠥᠭᠵᠢᠯᠲᠡ ᠶᠢᠨ ᠰᠢᠨ᠎ᠡ ᠲᠣᠭᠢᠶᠠᠯ ᠢ ᠬᠠᠮᠲᠤ ᠪᠠᠷ | ᠡᠳ᠋ᠯᠡᠶ᠎ᠡ︾ ᠭᠡᠬᠦ ᠪᠠᠷ ᠭᠤᠣᠯ ᠰᠡᠳᠦᠪ ᠪᠣᠯᠭᠠᠨ᠂ ᠳᠡᠯᠭᠡᠨ ᠦᠵᠡᠭᠦᠯᠭᠡ ᠶᠢᠨ ᠲᠠᠯᠠᠪᠠᠢ ᠶᠢ 8.39 ᠲᠦᠮᠡᠨ ᠲᠡᠭᠰᠢ | ᠳᠥᠷᠪᠡᠯᠵᠢᠨ ᠮᠧᠳ᠋ᠷ ᠢᠶᠠᠷ ᠲᠥᠯᠥᠪᠵᠢᠭᠦᠯᠦᠭᠰᠡᠨ ᠪᠠᠶᠢᠨ᠎ᠠ᠃ ᠦᠵᠡᠰᠭᠦᠯᠡᠩ ᠤᠨ ᠴᠤᠭᠯᠠᠭᠠᠨ ᠤ ᠬᠤᠭᠤᠴᠠᠭᠠᠨ ᠳᠤ | ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ | ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠤᠨ ᠡᠭᠢᠯᠡᠯᠲᠡ ᠶᠢᠨ ᠶᠣᠰᠣᠯᠠᠯ᠂ ᠤᠯᠤᠰ ᠤᠨ ᠤᠮᠠᠷᠠᠰᠢ | ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ᠂ ᠬᠤᠷᠠᠯ ᠪᠠ ᠶᠠᠷᠢᠶᠠᠨ ᠤ ᠲᠠᠪᠴᠠᠩ᠂ | ᠦᠵᠡᠰᠭᠦᠯᠡᠩ ᠳᠡᠯᠭᠡᠨ ᠦᠵᠡᠭᠦᠯᠭᠡ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠪᠤᠨ ᠶᠡᠭᠡ ᠠᠭᠤᠯᠭ᠎ᠠ ᠶᠢᠨ | ᠠᠵᠢᠯᠯᠠᠭ᠎ᠠ ᠶᠠᠪᠤᠭᠳᠠᠭᠤᠯᠬᠤ ᠪᠣᠯᠣᠨ᠎ᠠ᠃ | ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠳᠤᠮᠳᠠᠳᠤ ᠮᠣᠩᠭᠤᠯ ᠬᠤᠶᠠᠷ ᠤᠯᠤᠰ ᠤᠨ | ᠤᠳᠤᠷᠢᠳᠬᠤ ᠬᠥᠮᠥᠰ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠲᠥᠯᠥᠭᠡᠯᠡᠭᠴᠢᠳ ᠤᠨ ᠪᠦᠯᠭᠦᠮ᠂ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠪᠣᠯᠣᠨ ᠣᠣᠮᠧᠨ ᠣᠨᠴᠠᠭᠠᠶ | ᠵᠠᠰᠠᠭ ᠵᠠᠬᠢᠷᠭᠠᠨ ᠤ ᠣᠷᠣᠨ ᠤ ᠠᠯᠪᠠᠨ ᠤ ᠲᠠᠯ᠎ᠠ᠂ ᠬᠠᠭᠠᠰ ᠠᠯᠪᠠᠨ ᠤ ᠲᠠᠯ᠎ᠠ ᠵᠢᠴᠢ ᠠᠵᠢᠯ ᠲᠥᠷᠥᠯ ᠤᠨ | ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠥᠮᠥᠰ᠂ ᠮᠣᠩᠭᠤᠯ ᠤᠯᠤᠰ᠂ ᠣᠷᠣᠰ᠂ ᠶᠠᠫᠤᠨ᠂ | ᠺᠤᠷᠢᠶᠠ᠂ ᠳᠤᠮᠳᠠᠳᠤ ᠠᠽᠢᠶ᠎ᠠ᠂ ᠵᠡᠭᠦᠨ ᠡᠮᠦᠨᠡᠲᠦ ᠠᠽᠢᠶ᠎ᠠ ᠵᠡᠷᠭᠡ ︽ᠨᠢᠭᠡ ᠪᠦᠰᠡ ᠨᠢᠭᠡ ᠵᠠᠮ︾ ᠳᠠᠭᠠᠤ | ᠤᠯᠤᠰ ᠤᠨ ᠠᠯᠪᠠᠨ ᠤ ᠲᠠᠯ᠎ᠠ ᠶᠢᠨ ᠲᠥᠯᠥᠭᠡᠯᠡᠭᠴᠢ᠂ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ | ᠰᠠᠶᠢᠳ ᠤᠨ ᠶᠠᠮᠤᠨ ᠺᠤᠨᠰᠦ᠋ᠯ ᠤᠨ ᠲᠤᠰᠢᠶᠠᠯᠲᠠᠨ ᠵᠢᠴᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ | ᠲᠥᠯᠥᠭᠡᠯᠡᠭᠴᠢ᠂ ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ᠂ ᠳᠤᠮᠳᠠᠳᠤ ᠤᠯᠤᠰ ᠤᠨ 500 | ᠬᠦᠴᠦᠷᠬᠡᠭ ᠠᠵᠤ ᠠᠬᠤᠶᠢᠯᠠᠯ ᠵᠢᠴᠢ ᠡᠯ᠎ᠡ ᠲᠥᠷᠥᠯ ᠤᠨ ᠠᠷᠠᠯᠵᠢᠶᠠᠴᠢᠨ ᠵᠡᠷᠭᠡ ᠪᠠᠷᠤᠭ ᠲᠦᠮᠡᠨ ᠬᠥᠮᠥᠨ ᠢ | ᠤᠷᠢᠵᠤ ᠤᠷᠤᠯᠴᠠᠭᠤᠯᠬᠤ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠰᠠᠶᠢᠲᠤᠷ ᠡᠷᠭᠢᠯᠡᠭᠦ ᠶᠢ | ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠪᠣᠳᠠᠲᠠᠢ ᠦᠢᠯᠡᠳᠦᠯᠭᠡ ᠪᠣᠯᠭᠠᠨ᠂ ᠥᠪᠥᠷ ᠮᠣᠩᠭᠤᠯ ᠤᠨ ᠪᠦᠭᠦ ᠲᠠᠯ᠎ᠠ ᠪᠠᠷ ᠭᠠᠳᠠᠭᠠᠳᠤ | ᠨᠡᠭᠡᠭᠡᠯᠲᠡ ᠬᠢᠬᠦ ᠶᠢ ᠠᠬᠢᠭᠤᠯᠬᠤ ᠴᠢᠬᠤᠯᠠ ᠠᠵᠠ ᠲᠣᠭᠢᠶᠠᠯ ᠪᠤᠯᠭᠠᠵᠤ᠂ ᠡᠯ᠎ᠡ ᠵᠦᠢᠯ ᠤᠨ ᠠᠵᠢᠯᠯᠠᠭ᠎ᠠ ᠶᠢ ᠨᠠᠷᠢᠨ | ᠨᠢᠮᠪᠠᠢ ᠵᠣᠬᠢᠶᠠᠨ ᠪᠠᠶᠢᠭᠤᠯᠤᠨ ᠲᠥᠰᠥᠪᠯᠡᠵᠦ᠂ ᠡᠯ᠎ᠡ ᠲᠦᠷᠦᠯ ᠤᠨ ᠲᠥᠰᠥᠯ ᠢ ᠪᠣᠳᠠᠲᠠᠶᠢᠵᠢᠭᠤᠯᠤᠨ | ᠨᠠᠷᠢᠯᠢᠭᠵᠢᠭᠤᠯᠵᠤ ᠪᠠᠶᠢᠨ᠎ᠠ᠃ ᠣᠳᠣᠬᠠᠨ ᠳᠤ ᠦᠵᠡᠰᠭᠦᠯᠡᠩ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ | ᠶᠠᠭ ᠪᠠᠴᠢᠮ ᠶᠠᠭᠠᠷᠠᠯᠲᠠᠢ ᠮᠥᠷᠲᠡᠭᠡᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | |