ᠰᠢᠷᠬᠠᠳᠤᠭᠰᠠᠨ ᠦᠶ᠎ᠡ ᠳᠤ ᠲᠦᠷᠭᠡᠨ ᠡᠮᠴᠢᠯᠡᠬᠦ ᠬᠡᠳᠦᠨ ᠠᠷᠭ᠎ᠠ
ᠨᠡᠶᠢᠲᠡᠯᠡᠭᠰᠡᠨ ᠴᠠᠭ᠄
2023/9/11
     ᠠᠯᠳᠠᠨ ᠰᠢᠷᠭᠠᠯ ᠶᠢᠰᠦᠨ ᠰᠠᠷ᠎ᠠ ᠪᠠᠷ ᠠᠶᠠᠯᠠᠨ ᠵᠢᠭᠤᠯᠴᠢᠯᠠᠬᠤ ᠳᠤ ᠲᠠᠪᠠᠲᠠᠢ ᠠᠭᠤᠷ ᠠᠮᠢᠰᠬᠤᠯ ᠲᠣᠬᠢᠶᠠᠨ᠎ᠠ᠃ ᠠᠶᠠᠨ ᠵᠠᠮ ᠳᠤ ᠬᠠᠶᠠ ᠭᠡᠮᠲᠦᠯ ᠰᠢᠷᠬᠠᠳᠤᠯ ᠭᠠᠷᠳᠠᠭ ᠠᠴᠠ ᠦᠪᠡᠷ ᠪᠤᠰᠤᠳ ᠢ ᠲᠦᠷᠭᠡᠨ ᠠᠪᠤᠷᠠᠬᠤ ᠡᠮᠴᠢᠯᠡᠭᠡᠨ ᠤ ᠬᠡᠳᠦᠨ ᠠᠷᠭ᠎ᠠ ᠶᠢ ᠲᠠᠨᠢᠯᠴᠠᠭᠤᠯᠵᠤ ᠪᠠᠶᠢᠨ᠎ᠠ᠃      ᠭᠡᠮᠲᠦᠵᠦ ᠪᠡᠷᠲᠡᠬᠦ ᠳᠤ᠄      ᠰᠢᠷᠬ᠎ᠠ ᠶᠢ ᠰᠢᠢᠳᠪᠦᠷᠢᠯᠡᠬᠦ᠄ ᠭᠠᠳᠠᠷ ᠰᠢᠷᠬ᠎ᠠ ᠶᠢ ᠴᠠᠭ ᠲᠤᠬᠠᠶ ᠲᠤᠨᠢ ᠴᠢᠰᠤ ᠶᠢ ᠵᠣᠭᠰᠣᠭᠠᠵᠤ᠂ ᠴᠡᠪᠡᠷᠯᠡᠵᠤ ᠠᠷᠢᠯᠭᠠᠬᠤ ᠶᠢ ᠪᠣᠳᠣᠨ᠎ᠠ᠂ ᠬᠡᠷᠪᠡ ᠪᠡᠷᠲᠡᠭᠰᠡᠨ ᠬᠡᠰᠡᠭ ᠨᠢ ᠢᠯᠡ ᠭᠠᠷᠤᠭᠰᠠᠨ ᠪᠠᠶᠢᠪᠠᠯ ᠤᠭ ᠤᠷᠤᠨ ᠳᠤᠨᠢ ᠤᠷᠤᠭᠤᠯᠬᠤ ᠪᠠᠷ ᠤᠷᠤᠯᠳᠤᠵᠤ ᠪᠤᠯᠬᠤ ᠦᠭᠡᠢ᠃      ᠰᠢᠷᠬ᠎ᠠ ᠶᠢ ᠪᠤᠭᠤᠬᠤ᠄ ᠴᠡᠪᠡᠷ ᠪᠥᠰ ᠢᠶᠠᠷ ᠰᠢᠷᠬ᠎ᠠ ᠶᠢ ᠪᠦᠲᠡᠭᠡᠵᠤ᠂ ᠳᠠᠬᠢᠨ ᠪᠥᠰ ᠢᠶᠠᠷ ᠪᠣᠭᠤᠨ᠎ᠠ᠂ ᠪᠣᠭᠤᠬᠤ ᠳᠠᠭᠠᠨ ᠴᠢᠩᠭ᠎ᠠ ᠰᠤᠯᠠ ᠶᠢ ᠲᠣᠬᠢᠷᠠᠭᠤᠯᠤᠨ᠎ᠠ᠃      ᠲᠡᠷᠡ ᠬᠡᠪ ᠲᠤᠨᠢ ᠪᠠᠶᠢᠯᠭᠠᠬᠤ᠄ ᠡᠪᠡᠳᠴᠢᠲᠡᠨ ᠢ ᠳᠤᠷ᠎ᠠ ᠪᠠᠷ ᠲᠠᠳᠠᠵᠤ ᠴᠢᠩᠭᠠᠭᠠᠬᠤ ᠪᠤᠶᠤ ᠵᠥᠭᠡᠭᠡᠵᠦ ᠪᠣᠯᠬᠤ ᠦᠭᠡᠢ᠂ ᠰᠢᠷᠬᠠᠳᠤᠭᠰᠠᠨ ᠬᠡᠰᠡᠭ ᠢ ᠠᠯᠢ ᠴᠢᠳᠠᠬᠤ ᠪᠠᠷ ᠲᠡᠷᠡ ᠬᠡᠪ ᠲᠤᠨᠢ ᠪᠠᠶᠢᠯᠭᠠᠨ᠎ᠠ᠃      ᠡᠪᠡᠳᠬᠦ ᠶᠢ ᠨᠠᠮᠳᠠᠭᠠᠬᠤ᠄ ᠶᠠᠰᠤ ᠪᠡᠷᠲᠡᠭᠡᠳ ᠬᠦᠨᠳᠦᠷᠡᠵᠦ ᠡᠪᠡᠳᠪᠡᠯ ᠦᠬᠦᠳᠬᠢᠬᠦ ᠠᠶᠤᠯ ᠲᠠᠢ ᠤᠴᠢᠷ ᠠᠴᠠ ᠡᠪᠡᠳᠬᠦ ᠶᠢ ᠵᠣᠭᠰᠣᠭᠠᠬᠤ ᠡᠮ ᠬᠡᠷᠡᠭᠯᠡᠪᠡᠯ ᠰᠠᠶᠢᠨ᠃      ᠠᠮᠤᠷ ᠲᠥᠪᠰᠢᠨ ᠢᠶᠠᠷ ᠰᠢᠯᠵᠢᠭᠦᠯᠦᠨ ᠵᠥᠭᠡᠭᠡᠬᠦ᠄ ᠰᠢᠷᠬᠠᠳᠤᠭᠰᠠᠳ ᠢ ᠰᠢᠯᠵᠢᠭᠦᠯᠦᠨ ᠵᠥᠭᠡᠭᠡᠬᠦ ᠳᠡᠭᠡᠨ ᠰᠢᠷᠬᠠᠳᠤᠭᠰᠠᠳ ᠤᠨ ᠤᠬᠠᠭᠠᠨ ᠮᠡᠳᠡᠷᠡᠯ ᠪᠣᠯᠤᠨ ᠪᠦᠬᠦ ᠪᠡᠶ᠎ᠡ ᠶᠢᠨ ᠪᠠᠶᠢᠳᠠᠯ ᠤᠨ ᠬᠤᠪᠢᠷᠠᠯᠲᠠ ᠶᠢ ᠰᠠᠶᠢᠲᠤᠷ ᠠᠩᠬᠠᠷᠴᠤ᠂ ᠡᠮᠨᠡᠯᠭᠡ ᠳᠤ ᠬᠦᠷᠭᠡᠵᠦ ᠲᠦᠷᠭᠡᠨ ᠠᠪᠤᠷᠠᠯᠲᠠ ᠬᠢᠯᠭᠡᠨ᠎ᠡ᠃      ᠴᠢᠰᠤ ᠲᠦᠷᠭᠡᠨ ᠵᠣᠭᠰᠣᠭᠠᠬᠤ ᠳᠤ᠄      1. ᠬᠤᠷᠤᠭᠤ ᠪᠠᠷ ᠳᠠᠷᠤᠬᠤ᠄ ᠲᠤᠮᠤ ᠯᠤᠭᠰᠢᠭᠤᠨ ᠰᠤᠳᠠᠯ ᠠᠴᠠ ᠴᠢᠰᠤ ᠶᠡᠭᠡ ᠭᠠᠷᠪᠠᠯ᠂ ᠬᠤᠷᠤᠭᠤ ᠪᠠᠷ ᠢᠶᠠᠨ ᠰᠢᠷᠬᠠᠨ ᠤ ᠵᠢᠷᠦᠬᠡᠨ ᠲᠠᠯ᠎ᠠ ᠶᠢᠨ ᠴᠢᠭᠯᠡᠯ ᠳᠤ ᠳᠠᠷᠤᠵᠤ᠂ ᠴᠢᠰᠤᠨ ᠤ ᠡᠷᠭᠢᠯᠲᠡ ᠶᠢ ᠬᠤᠷᠢᠵᠤ᠂ ᠴᠢᠰᠤ ᠶᠢ ᠲᠦᠷᠭᠡᠨ ᠵᠣᠭᠰᠣᠭᠠᠵᠤ ᠪᠣᠯᠣᠨ᠎ᠠ᠃      2. ᠳᠠᠷᠤᠵᠤ ᠪᠣᠭᠤᠬᠤ᠄ ᠨᠠᠮᠵᠢᠭᠤᠨ ᠰᠤᠳᠠᠯ᠂ ᠬᠢᠯᠭᠠᠰᠤᠨ ᠰᠤᠳᠠᠯ ᠪᠤᠶᠤ ᠵᠢᠵᠢᠭ ᠯᠤᠭᠰᠢᠭᠤᠨ ᠰᠤᠳᠠᠯ ᠠᠴᠠ ᠴᠢᠰᠤ ᠭᠠᠷᠪᠠᠯ᠂ ᠠᠷᠢᠭᠤᠳᠬᠠᠭᠰᠠᠨ ᠱᠠ ᠪᠥᠰ ᠵᠡᠷᠭᠡ ᠪᠠᠷ ᠰᠢᠷᠬ᠎ᠠ ᠶᠢ ᠲᠠᠷᠤᠵᠤ᠂ ᠳᠠᠷᠠᠭ᠎ᠠ ᠨᠢ ᠰᠢᠷᠬᠠᠨ ᠤ ᠪᠣᠭᠤᠯᠲᠠ ᠪᠤᠶᠤ ᠪᠥᠰ ᠢᠶᠠᠷ ᠪᠣᠭᠤᠨ᠎ᠠ᠃      3. ᠴᠢᠰᠤ ᠵᠣᠭᠰᠣᠭᠠᠬᠤ ᠪᠥᠰ᠄ ᠳᠥᠷᠪᠡᠨ ᠮᠥᠴᠢ ᠶᠢᠨ ᠲᠣᠮᠣ ᠯᠤᠭᠰᠢᠭᠤᠨ ᠰᠤᠳᠠᠯ ᠠᠴᠠ ᠴᠢᠰᠤ ᠭᠠᠷᠪᠠᠯ ᠡᠨᠡ ᠠᠷᠭ᠎ᠠ ᠶᠢ ᠬᠡᠷᠡᠭᠯᠡᠵᠤ ᠪᠣᠯᠣᠨ᠎ᠠ᠃ ᠰᠢᠷᠬᠠᠳᠤᠭᠰᠠᠨ ᠦᠶ᠎ᠡ ᠮᠥᠴᠢ ᠪᠠᠨ ᠥᠨᠳᠥᠷ ᠡᠷᠭᠦᠵᠦ᠂ ᠴᠢᠰᠤ ᠵᠣᠭᠰᠣᠭᠠᠬᠤ ᠪᠦᠰᠡ ᠶᠢ ᠴᠢᠳᠠᠬᠤ ᠶᠢᠨ ᠬᠢᠷᠢ ᠪᠠᠷ ᠴᠢᠰᠤ ᠭᠠᠷᠤᠭᠰᠠᠨ ᠬᠡᠰᠡᠭ ᠲᠤ ᠣᠶᠢᠷᠠᠲᠤᠭᠤᠯᠬᠤ ᠶᠢᠨ ᠬᠠᠮᠲᠤ ᠴᠠᠭ ᠪᠦᠷᠢ ᠨᠢᠭᠡ ᠤᠳᠠᠭ᠎ᠠ ᠲᠠᠯᠪᠢᠬᠤ ᠶᠢ ᠠᠩᠬᠠᠷᠴᠤ᠂ ᠴᠢᠰᠤ ᠳᠤᠲᠠᠵᠤ ᠦᠬᠦᠳᠬᠢᠬᠦ ᠠᠴᠠ ᠰᠡᠷᠭᠡᠶᠢᠯᠡᠬᠦ ᠬᠡᠷᠡᠭᠲᠡᠶ ︵ᠳᠡᠭᠡᠷ᠎ᠡ ᠠᠳᠬᠤᠭᠠᠯ ᠤᠨ ᠳᠤᠮᠳᠠ ᠬᠡᠰᠡᠭ ᠲᠤ ᠴᠢᠰᠤ ᠵᠣᠭᠰᠣᠭᠠᠬᠤ ᠪᠦᠰᠡ ᠬᠡᠷᠡᠭᠯᠡᠵᠦ ᠪᠣᠯᠬᠤ ᠦᠭᠡᠢ︶᠃      ᠠᠩᠬᠠᠷᠬᠤ ᠵᠦᠢᠯ᠄ ᠢᠯᠡ ᠭᠠᠳᠠᠷ ᠰᠢᠷᠬ᠎ᠠ ᠶᠢ ᠰᠢᠢᠳᠪᠦᠷᠢᠯᠡᠬᠦ ᠬᠠᠮᠤᠭ ᠤᠨ ᠲᠣᠬᠢᠲᠠᠢ ᠴᠠᠭ ᠪᠣᠯ ᠰᠢᠷᠬᠠᠳᠤᠭᠰᠠᠨ ᠤ ᠳᠠᠷᠠᠭᠠᠬᠢ 6 — 8 ᠴᠠᠭ᠂ ᠲᠣᠯᠣᠭᠠᠶ ᠨᠢᠭᠤᠷ ᠤᠨ ᠬᠡᠰᠡᠭ ᠪᠤᠯ ᠵᠣᠬᠢᠬᠤ ᠬᠡᠮᠵᠢᠶ᠎ᠡ ᠪᠠᠷ 24 ᠴᠠᠭ ᠪᠣᠯᠲᠠᠯ᠎ᠠ ᠤᠷᠲᠤᠳᠬᠠᠵᠤ ᠪᠣᠯᠣᠨ᠎ᠠ᠃ ᠡᠨᠡ ᠬᠦ ᠬᠤᠭᠤᠴᠠᠭᠠᠨ ᠳᠤ ᠰᠢᠢᠳᠪᠦᠷᠢᠯᠡᠬᠦ ᠦᠭᠡᠢ ᠪᠣᠯ ᠰᠢᠷᠬᠠᠨ ᠤ ᠬᠠᠯᠳᠠᠪᠤᠷᠢᠯᠠᠯ ᠶᠡᠬᠡᠳᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号