ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶ ᠵᠡᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/9/12
ᠬᠤᠷᠢᠨᠭᠡᠷ  ᠵᠠᠰᠠᠭ ᠠᠯᠪᠠᠨ ᠲᠠᠷᠬᠠᠭᠠᠭᠰᠠᠨ︹ 2023 ︺ 83 ᠳ᠋ᠤᠭᠠᠷ ᠲᠣᠭᠠᠲᠤᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠰᠢᠶᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠨᠢ ᠰᠢᠶᠠᠨ ᠤ ᠳᠠᠷᠤᠭ᠎ᠠ ᠶᠢ ᠬᠠᠮᠵᠢᠨ᠎ᠠ᠃ ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠲᠣᠭᠲᠠᠭᠠᠭᠠᠳ᠂ ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶ ᠵᠡᠷᠭᠡ ᠠᠵᠢᠯ ᠤᠨ ᠬᠤᠪᠢᠶᠠᠷᠢᠯᠠᠯ ᠢ ᠳᠣᠤᠷᠠᠬᠢ ᠮᠡᠲᠦ ᠮᠡᠳᠡᠭᠳᠡᠶ᠎ᠡ᠄      ᠭᠤᠤ ᠹᠧᠩ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ︶᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃      ᠸᠠᠩ ᠰᠢᠶᠤᠤ ᠮᠢᠩ ︵ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠶᠡᠷᠦᠩᠬᠡᠶᠢᠯᠡᠭᠰᠡᠨ ᠠᠵᠤ ᠠᠬᠤᠶ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠡᠳ᠋ ᠤᠨ ᠵᠠᠰᠠᠭ᠂ ᠤᠯᠤᠰ ᠤᠨ ᠡᠳ᠋ ᠬᠥᠷᠥᠩᠭᠡ᠂ ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠬᠢᠨᠠᠨ ᠪᠤᠳᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ︶᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠃      ᠬᠠᠷᠢᠯᠴᠠᠬᠤ ᠨᠢ᠄ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠰᠢᠶᠠᠨ ᠤ ᠤᠯᠤᠰ ᠲᠥᠷᠥ ᠶᠢᠨ ᠵᠥᠪᠯᠡᠯᠭᠡᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠬᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠬᠥᠳᠡᠭᠡ ᠶᠢᠨ ᠨᠡᠶᠢᠭᠡᠮ ᠤᠨ ᠠᠵᠤ ᠠᠬᠤᠶ ᠶᠢᠨ ᠥᠯᠢᠭᠡᠷ ᠠᠪᠴᠤ ᠪᠠᠶᠢᠴᠠᠭᠠᠬᠤ ᠠᠩᠭᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠰᠢᠶᠠᠨ ᠤ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠭᠠᠯ ᠤᠨᠲᠠᠷᠠᠭᠠᠬᠤ ᠶᠡᠭᠡ ᠠᠩᠭᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠷᠢᠨᠭᠡᠷ ᠰᠠᠯᠪᠤᠷᠢ ᠪᠠᠩᠬᠢ᠂ ᠰᠢᠶᠠᠨ ᠳᠤ ᠰᠠᠭᠤᠭ᠎ᠠ ᠪᠤᠰᠤᠳ ᠪᠠᠩᠬᠢ᠂ ᠡᠯ᠎ᠡ ᠳᠠᠭᠠᠳᠬᠠᠯ ᠤᠨ ᠺᠣᠮᠫᠠᠨᠢ ᠵᠢᠴᠢ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠠᠭᠤᠯᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶᠄ ᠰᠢᠶᠠᠨ ᠤ ᠳᠠᠷᠤᠭ᠎ᠠ ᠶᠢ ᠬᠠᠮᠵᠢᠨ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠯᠢᠦᠶ ᠶᠣᠣ ᠯᠦᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ︶᠄ ᠰᠢᠶᠠᠨ ᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠦᠨᠳᠦᠰᠦᠲᠡᠨ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠃      ᠬᠠᠷᠢᠯᠴᠠᠬᠤ ᠨᠢ᠄ ᠰᠢᠶᠠᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠯᠢ ᠯᠢ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠬᠢᠬᠦ ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠰᠠᠭ ᠤᠨ ᠣᠷᠳᠣᠨ ᠤ ᠬᠠᠤᠯᠢ ᠲᠦᠷᠢᠮ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠥᠪᠯᠡᠭᠴᠢ ᠵᠡᠷᠭᠡ ᠠᠵᠢᠯ ᠢ ᠬᠠᠷᠢᠭᠤᠴᠠᠵᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠢ ᠡᠷᠭᠢᠯᠡᠨ᠎ᠡ᠃      ᠬᠤᠪᠢᠳᠠᠨ ᠬᠠᠮᠢᠶᠠᠷᠬᠤ ᠨᠢ᠄ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠃      ᠬᠠᠷᠢᠯᠴᠠᠬᠤ ᠨᠢ᠄ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠨᠢᠭᠤᠴᠠ ᠶᠢ ᠬᠠᠮᠠᠭᠠᠯᠠᠬᠤ ᠪᠠ ᠴᠢᠬᠤᠯᠠ ᠨᠢᠭᠤᠴᠠ ᠶᠢᠨ ᠲᠣᠪᠴᠢᠶ᠎ᠠ᠂ ᠰᠦᠯᠵᠢᠶᠡᠨ ᠤ ᠠᠮᠤᠷ ᠲᠦᠪᠰᠢᠨ ᠤ ᠲᠥᠪ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠵᠣᠣ ᠵᠢᠶᠠᠨ ᠴᠢᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ︶᠄ ᠰᠢᠶᠠᠨ ᠤ ᠳᠠᠷᠤᠭ᠎ᠠ ᠶᠢ ᠬᠠᠮᠵᠢᠨ ᠬᠥᠳᠡᠭᠡ ᠲᠣᠰᠬᠤᠨ ᠤ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠷᠢᠨᠭᠡᠷ ᠰᠢᠶᠠᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠬᠠᠮᠲᠤ ᠶᠢᠨ ᠭᠠᠵᠠᠷ ᠰᠢᠷᠣᠶ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠃      ᠬᠠᠷᠢᠯᠴᠠᠬᠤ ᠨᠢ᠄ ᠬᠥᠬᠡᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠤᠷᠢᠨᠭᠡᠷ ᠰᠢᠶᠠᠨ ᠤ ᠬᠤᠪᠢᠶᠠᠷᠢ ᠲᠣᠪᠴᠢᠶ᠎ᠠ᠂ ᠰᠢᠶᠠᠨ ᠤ ᠴᠠᠭ ᠠᠭᠤᠷ ᠤᠨ ᠲᠣᠪᠴᠢᠶ᠎ᠠ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠠᠬᠢᠭᠤᠯᠬᠤ ᠬᠤᠷᠠᠯ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠪᠠᠶ ᠬᠤᠤ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠥᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠤᠳᠬ᠎ᠠ ᠵᠣᠬᠢᠶᠠᠯ ᠤᠷᠠᠯᠢᠭ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠵᠢᠴᠢ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠱᠧᠩ ᠯᠧ ᠰᠣᠶᠤᠯ ᠠᠵᠤ ᠦᠢᠯᠡᠰ ᠤᠨ ᠬᠦᠭᠵᠢᠯᠲᠡ ᠶᠢᠨ ᠪᠡᠯᠡ ᠣᠷᠣᠭᠤᠯᠣᠯᠲᠠ ᠶᠢᠨ ᠬᠢᠵᠠᠭᠠᠷᠲᠤ ᠺᠤᠮᠫᠠᠨᠢ᠃      ᠬᠠᠷᠢᠯᠴᠠᠬᠤ ᠨᠢ᠄ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠲᠠᠩᠰᠠ ᠡᠪᠬᠡᠮᠡᠯ ᠤᠨ ᠣᠷᠳᠣᠨ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠵᠥᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠤᠳᠬ᠎ᠠ ᠵᠣᠬᠢᠶᠠᠯ ᠤᠷᠠᠯᠢᠭ ᠤᠨ ᠬᠢᠨ ᠤ  ᠬᠤᠯᠪᠤᠭ᠎ᠠ᠂ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠤᠳᠠᠨ ᠤ ᠲᠣᠪᠴᠢᠶ᠎ᠠ᠂ ᠰᠢᠨᠬᠤᠸᠠ ᠨᠣᠮ ᠤᠨ ᠳᠡᠯᠭᠡᠭᠦᠷ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠸᠧᠶ ᠪᠢᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ︶᠄ ᠰᠢᠶᠠᠨ ᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠪᠠᠶᠢᠭᠠᠯᠢ ᠶᠢᠨ ᠡᠬᠢ ᠪᠠᠶᠠᠯᠢᠭ ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠣᠪᠴᠢᠶ᠎ᠠ ︵ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠵᠦ ᠠᠷᠠᠯᠵᠢᠶᠠᠯᠠᠬᠤ ᠲᠥᠪ᠂ ᠬᠤᠷᠢᠨᠭᠡᠷ ᠰᠢᠶᠠᠨ ᠤ ᠱᠧᠩ ᠯᠧ ᠤᠯᠤᠰ ᠤᠨ ᠥᠮᠴᠢᠯᠡᠯᠳᠤ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠬᠤᠷᠢᠨᠭᠡᠷ ᠰᠢᠶᠠᠨ ᠤ ᠤᠰᠤ ᠬᠠᠩᠭᠠᠬᠤ ᠤᠰᠤ ᠵᠠᠯᠠᠬᠤ ᠬᠢᠵᠠᠭᠠᠷᠲᠤ ᠺᠣᠮᠫᠠᠨᠢ᠂ ᠬᠤᠷᠢᠨᠭᠡ᠊ ᠰᠦ ᠶᠢᠨ ᠦᠢᠯᠡᠰ ᠤᠨ ᠨᠡᠭᠡᠭᠡᠯᠳᠡ ᠶᠢᠨ ᠲᠣᠭᠤᠷᠢᠭ᠂ ᠡᠭᠦᠯᠡᠨ ᠬᠥᠨᠳᠡᠶ ᠶᠢᠨ ᠦᠢᠯᠡᠴᠢᠯᠡᠭᠡᠨ ᠤ ᠲᠥᠪ᠃      ᠬᠠᠷᠢᠯᠴᠠᠬᠤ ᠨᠢ᠄ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠠᠵᠢᠯᠴᠢᠨ ᠤ ᠶᠡᠷᠦᠩᠬᠡᠶ ᠡᠪᠯᠡᠯ᠂ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ᠂ ᠬᠤᠷᠢᠨᠭᠡᠷ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠤᠷᠢᠨᠭᠡᠷ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠤᠷᠢᠨᠭᠡᠷ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠷᠢᠨᠭᠡᠷ ᠤᠨ ᠬᠤᠪᠢᠶᠠᠷᠢ ᠺᠣᠮᠫᠠᠨᠢ᠂ ᠴᠢᠯᠠᠭᠤᠨ ᠳᠤᠰᠤᠨ ᠤ ᠺᠣᠮᠫᠠᠨᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠸᠠᠩ ᡁᠢ ᠬᠤᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ︶᠄ ᠰᠢᠶᠠᠨ ᠤ ᠳᠠᠷᠤᠭ᠎ᠠ ᠶᠢ ᠬᠠᠮᠵᠢᠨ ᠰᠢᠶᠠᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠰᠢᠢᠳᠪᠦᠷᠢᠯᠡᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯ ᠢ ᠡᠷᠬᠢᠯᠡᠨ᠎ᠡ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠶ᠃      ᠠᠵᠢᠯ ᠤᠨ ᠵᠣᠯᠭᠠᠯᠳᠤᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠡᠰᠡᠭ ᠰᠢᠶᠠᠨ ᠤ ᠳᠡᠳ᠋ ᠳᠠᠷᠤᠭ᠎ᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶ ᠬᠤᠭᠤᠷᠣᠨᠳᠣ ᠪᠠᠨ A᠂ B ᠠᠵᠢᠯ ᠤᠨ ᠪᠠᠶᠢᠷᠢ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠪᠡ᠃ ᠸᠠᠩ ᠰᠢᠶᠤᠤ ᠮᠢᠩ ᠰᠢᠶᠠᠨ ᠤ ᠳᠡᠳ᠋ ᠳᠠᠷᠤᠭ᠎ᠠ᠂ ᠯᠢ ᠯᠢ ᠰᠢᠶᠠᠨ ᠤ ᠳᠡᠳ᠋ ᠳᠠᠷᠤᠭ᠎ᠠ ᠨᠢ ᠬᠠᠷᠢᠯᠴᠠᠨ A᠂ B ᠠᠵᠢᠯ ᠤᠨ ᠪᠠᠶᠢᠷᠢ︔ ᠯᠢᠦᠶ ᠶᠣᠣ ᠯᠦᠩ ᠰᠢᠶᠠᠨ ᠤ ᠳᠡᠳ᠋ ᠳᠠᠷᠤᠭ᠎ᠠ᠂ ᠸᠧᠶ ᠪᠢᠨ ᠰᠢᠶᠠᠨ ᠤ ᠳᠡᠳ᠋ ᠳᠠᠷᠤᠭ᠎ᠠ ᠨᠢ ᠬᠠᠷᠢᠯᠴᠠᠨ A᠂ B ᠠᠵᠢᠯ ᠤᠨ ᠪᠠᠶᠢᠷᠢ︔ ᠵᠣᠣ ᠵᠢᠶᠠᠨ ᠴᠢᠩ ᠰᠢᠶᠠᠨ ᠤ ᠳᠡᠳ᠋ ᠳᠠᠷᠤᠭ᠎ᠠ᠂ ᠪᠠᠶ ᠬᠤᠤ ᠰᠢᠶᠠᠨ ᠤ ᠳᠡᠳ᠋ ᠳᠠᠷᠤᠭ᠎ᠠ ᠨᠢ ᠬᠠᠷᠢᠯᠴᠠᠨ A᠂ B ᠠᠵᠢᠯ ᠤᠨ ᠪᠠᠶᠢᠷᠢ ᠪᠣᠯᠣᠨ᠎ᠠ᠃ ᠨᠢᠭᠡ ᠨᠢ ᠭᠠᠳᠠᠭᠰᠢ ᠭᠠᠷᠤᠭᠰᠠᠨ ᠬᠤᠭᠤᠴᠠᠭᠠᠨ ᠳᠤ ᠨᠥᠭᠦᠭᠡ ᠨᠢ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠱᠠᠭᠠᠷᠳᠠᠯᠭ᠎ᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠶᠢᠨ A᠂ B ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠵᠢᠴᠢ ᠠᠵᠢᠯᠳᠠᠨ ᠳᠤ ᠲᠤᠬᠢᠷᠠᠭᠤᠯᠤᠯᠳᠠ ᠬᠢᠭᠰᠡᠨ ᠪᠠᠶᠢᠳᠠᠯ ᠢ ᠴᠠᠭ ᠲᠤᠨᠢ ᠲᠤᠬᠢᠷᠠᠭᠤᠯᠤᠨ ᠬᠤᠪᠢᠷᠠᠭᠠᠨ᠎ᠠ᠃                    ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ                    2023 ᠣᠨ ᠤ 8 ᠰᠠᠷ᠎ᠠ ᠶᠢᠨ 30 ᠤ ᠡᠳᠦᠷᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号