ᠮᠠᠨ ᠤ ᠣᠷᠣᠨ 2023 ᠣᠨ ᠤ ᠤᠯᠤᠰ ᠤᠨ ᠬᠤᠨᠢᠨ ᠨᠣᠣᠰᠣᠨ ᠤ ᠮᠠᠰᠢᠨ ᠲᠤᠨᠤᠬᠴᠢᠯᠠᠬᠰᠠᠨ ᠠᠯᠪᠠᠨ ᠭᠡᠷᠡᠴᠢᠯᠡᠭᠡ ᠶᠢᠨ ᠬᠢᠨᠠᠨ ᠰᠢᠯᠭᠠᠬᠤ ᠠᠵᠢᠯ ᠢ ᠠᠮᠵᠢᠯᠲᠠᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/9/15
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠤᠨ ᠦᠦᠰᠢᠨ ᠬᠤᠰᠢᠭᠤᠨ ᠤ ᠲᠤᠷᠰᠢᠯᠲᠠ ᠶᠢᠨ ᠲᠠᠰᠤᠭ ᠤᠨ ᠠᠯᠪᠠᠨ ᠭᠡᠷᠡᠴᠢᠯᠡᠭᠡ ᠶᠢᠨ ᠬᠢᠨᠠᠨ ᠰᠢᠯᠭᠠᠬᠤ ᠳᠤᠭᠤᠶᠢᠯᠠᠩ ᠤᠨ ᠠᠵᠢᠯᠲᠠᠳ 64 ᠡᠳᠦᠷ ᠰᠢᠷᠭᠠᠭᠤ ᠠᠵᠢᠯᠯᠠᠵᠤ᠂ 8 ᠰᠠᠷ᠎ᠠ ᠶᠢᠨ ᠰᠡᠭᠦᠯᠴᠢ ᠪᠠᠷ 2023 ᠣᠨ ᠤ ᠤᠯᠤᠰ ᠤᠨ ᠬᠤᠨᠢᠨ ᠨᠣᠣᠰᠣᠨ ᠤ ᠮᠠᠰᠢᠨ ᠲᠤᠨᠤᠬᠴᠢᠯᠠᠬᠰᠠᠨ ᠠᠯᠪᠠᠨ ᠭᠡᠷᠡᠴᠢᠯᠡᠭᠡ ᠶᠢᠨ ᠬᠢᠨᠠᠨ ᠰᠢᠯᠭᠠᠬᠤ ᠠᠵᠢᠯ ᠢ ᠠᠮᠵᠢᠯᠲᠠᠲᠠᠢ ᠪᠡᠶᠡᠯᠡᠭᠦᠯᠪᠡ᠃ ᠡᠭᠦᠨ ᠳᠤ᠂ ᠨᠡᠶᠢᠲᠡ 132 ᠪᠦᠯᠦᠭ ᠤᠨ 4003.2 ᠲᠣᠨ ᠬᠤᠨᠢᠨ ᠨᠣᠣᠰᠣ ᠶᠢ ᠬᠢᠨᠠᠨ ᠰᠢᠯᠭᠠᠵᠤ᠂ ᠮᠠᠨ ᠤ ᠣᠷᠣᠨ ᠤ ᠣᠷᠳᠣᠰ ᠤᠨ ᠨᠠᠷᠢᠨ ᠨᠣᠣᠰᠣᠲᠤ ᠬᠤᠨᠢᠨ ᠤ ᠭᠤᠣᠯ ᠭᠠᠷᠤᠯᠲᠠ ᠶᠢᠨ ᠣᠷᠣᠨ ᠤ ᠬᠤᠨᠢᠨ ᠨᠣᠣᠰᠣᠨ ᠳᠤ ᠠᠯᠪᠠᠨ ᠭᠡᠷᠡᠴᠢᠯᠡᠭᠡ ᠶᠢᠨ ᠬᠢᠨᠠᠨ ᠰᠢᠯᠭᠠᠯᠲᠠ ᠬᠢᠬᠦ ᠶᠢ ᠪᠦᠭᠦᠨ  ᠢ ᠪᠦᠷᠬᠦᠭᠦᠯᠪᠡ᠃      ᠡᠭᠦᠨ ᠤ ᠬᠠᠮᠲᠤ᠂ ᠨᠣᠣᠰᠣ ᠨᠣᠣᠯᠣᠭᠤᠷ ᠤᠨ ᠠᠯᠪᠠᠨ ᠭᠡᠷᠡᠴᠢᠯᠡᠭᠡ ᠶᠢᠨ ᠬᠢᠨᠠᠨ ᠰᠢᠯᠭᠠᠬᠤ ᠦᠢᠯᠡᠴᠢᠯᠡᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠠᠷᠠᠯᠵᠢᠶᠠᠨ ᠤ ᠬᠤᠶᠠᠷ ᠡᠲᠡᠭᠡᠳ ᠲᠤ ᠬᠢᠨᠠᠨ ᠰᠢᠯᠭᠠᠭᠰᠠᠨ ᠦᠷ᠎ᠡ ᠳ᠋ᠦᠩ ᠢ ᠳᠠᠷᠤᠶᠢᠬᠠᠨ ᠭᠠᠷᠳᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠠᠴᠠ ᠬᠢᠨᠠᠨ ᠰᠢᠯᠭᠠᠭᠰᠠᠨ ᠮᠡᠳᠡᠭᠦᠯᠦᠯᠲᠡ ᠭᠠᠷᠤᠭᠰᠠᠨ ᠤ ᠳᠠᠷᠤᠶᠢᠬᠠᠨ ᠡᠭᠦᠳᠡᠨ  ᠳᠤ ᠬᠦᠷᠭᠡᠬᠦ ᠦᠢᠯᠡᠴᠢᠯᠡᠭᠡ ᠬᠠᠩᠭᠠᠵᠤ ᠪᠠᠶᠢᠨ᠎ᠠ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠢᠨᠠᠨ ᠰᠢᠯᠭᠠᠵᠤ ᠬᠢᠨᠠᠨ ᠪᠠᠶᠢᠴᠠᠭᠠᠬᠤ ᠮᠡᠷᠭᠡᠵᠢᠯ ᠤᠨ ᠦᠢᠯᠡᠴᠢᠯᠡᠭᠡ ᠪᠠᠨ ᠤᠷᠲᠤᠳᠬᠠᠵᠤ᠂ ᠰᠦᠢᠳᠬᠡᠯ ᠬᠤᠷᠢᠶᠠᠬᠤ ᠦᠭᠡᠢ ᠪᠠᠷ ᠠᠯᠪᠠᠨ ᠭᠡᠷᠡᠴᠢᠯᠡᠭᠡ ᠶᠢᠨ ᠬᠢᠨᠠᠨ ᠰᠢᠯᠭᠠᠬᠤ ᠦᠢᠯᠡᠴᠢᠯᠡᠭᠡ ᠬᠠᠩᠭᠠᠬᠤ᠂ ᠱᠠᠲᠤ ᠬᠤᠪᠢᠶᠠᠨ ᠰᠣᠩᠭᠤᠵᠤ ᠪᠣᠯᠪᠠᠰᠤᠷᠠᠯ ᠬᠦᠷᠲᠡᠭᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ᠂ ᠬᠤᠷᠰᠢᠶ᠎ᠠ᠂ ᠬᠤᠨᠢᠨ ᠨᠣᠣᠰᠣ ᠬᠤᠳᠠᠯᠳᠤᠨ ᠠᠪᠴᠤ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠤᠭᠤᠷᠣᠨᠳᠤ ᠡᠷᠬᠡ ᠲᠡᠭᠰᠢ ᠪᠠᠷ ᠠᠷᠠᠯᠵᠢᠶᠠᠯᠠᠬᠤ ᠲᠠᠪᠴᠠᠩ ᠪᠠᠶᠢᠭᠤᠯᠵᠤ᠂ ᠬᠤᠨᠢᠨ ᠨᠣᠣᠰᠣᠨ ᠤ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠡᠮᠬᠢ ᠳᠢᠭᠯᠢᠮ ᠢ ᠬᠠᠮᠠᠭᠠᠯᠠᠪᠠ᠃ ᠮᠥᠨ ᠴᠦ ᠰᠢᠨᠵᠢᠯᠡᠬᠦ ᠤᠬᠠᠭᠠᠨᠴᠢ᠂ ᠲᠥᠪ ᠭᠤᠣᠯᠴᠢ᠂ ᠵᠥᠪ ᠣᠨᠣᠪᠴᠢᠲᠠᠢ᠂ ᠴᠠᠭ ᠲᠤᠬᠠᠢ  ᠳᠤᠨᠢ ᠠᠯᠪᠠᠨ ᠭᠡᠷᠡᠴᠢᠯᠡᠭᠡ ᠶᠢᠨ ᠬᠢᠨᠠᠨ ᠰᠢᠯᠭᠠᠭᠰᠠᠨ ᠦᠨᠡᠮᠯᠡᠯ ᠭᠠᠷᠭᠠᠵᠤ᠂ ᠬᠤᠨᠢᠨ ᠨᠣᠣᠰᠣ ᠶᠢᠨ ᠠᠷᠠᠯᠵᠢᠶᠠᠨ ᠤ ᠬᠤᠶᠠᠷ ᠡᠲᠡᠭᠡᠳ ᠤᠨ ᠦᠨ᠎ᠡ ᠬᠠᠩᠰᠢ ᠲᠣᠭᠲᠠᠭᠠᠬᠤ ᠳᠤ ᠴᠢᠬᠤᠯᠠ ᠦᠨᠳᠦᠰᠦᠯᠡᠯ ᠬᠠᠩᠭᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号