ᠮᠠᠨ ᠤ ᠬᠤᠲᠠ ᠶᠧᠪᠡᠩ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/9/27
     ᠣᠶᠢᠷ᠎ᠠ ᠳᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠣᠮᠣ ᠬᠡᠲᠦ ᠳᠡᠯᠭᠡᠭᠦᠷ ᠵᠢᠴᠢ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠵᠡᠷᠭᠡ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠵᠦ᠂ ᠶᠧᠪᠡᠩ ᠤᠨ ᠪᠣᠷᠤᠯᠠᠭᠤᠯᠭ᠎ᠠ ᠶᠢᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ ᠨᠢᠭᠡ ᠲᠠᠯ᠎ᠠ ᠪᠠᠷ ᠶᠧᠪᠡᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠡᠵᠡᠩᠨᠡᠯᠲᠡ ᠶᠢᠨ ᠬᠢᠷᠢ ᠬᠡᠮ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠭᠡᠷᠡᠴᠢ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠭᠤᠳᠠᠯ ᠤᠨ ᠱᠣᠰᠢᠭ᠎ᠠ ᠲᠡᠮᠳᠡᠭ ᠵᠡᠷᠭᠡ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠪᠠᠶᠢᠴᠠᠭᠠᠪᠠ᠃ ᠨᠦᠭᠦᠭᠡ ᠲᠠᠯ᠎ᠠ ᠪᠠᠷ᠂ ᠶᠧᠪᠡᠩ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤ ᠦᠨ᠎ᠡ ᠬᠠᠩᠰᠢ ᠶᠢ ᠢᠯᠡ ᠲᠡᠮᠳᠡᠭᠯᠡᠭᠰᠡᠨ ᠡᠰᠡᠬᠦ᠂ ︽ᠬᠡᠲᠦ ᠦᠨᠳᠦᠷ ᠦᠨ᠎ᠡ ᠲᠠᠢ ᠶᠧᠪᠡᠩ︾ ᠬᠤᠳᠠᠯᠳᠤᠭᠰᠠᠨ ᠡᠰᠡᠬᠦ ᠵᠡᠷᠭᠡ ᠶᠢ ᠪᠠᠶᠢᠴᠠᠭᠠᠵᠤ᠂ ᠬᠢᠷᠢ ᠲᠡᠩᠴᠡᠬᠦ ᠦᠭᠡᠢ ᠶᠧᠪᠡᠩ ᠢ ᠵᠠᠬ᠎ᠠ ᠳᠡᠯᠭᠡᠭᠦᠷ ᠲᠤ ᠣᠷᠤᠭᠤᠯᠬᠤ ᠠᠴᠠ  ᠵᠠᠶᠢᠯᠠᠰᠬᠢᠪᠡ᠃ ᠰᠤᠷᠪᠤᠯᠵᠢᠯᠠᠭᠴᠢ ᠴᠢ ᠰᠢᠶᠣᠣ ᠶᠠᠨ ᠰᠡᠭᠦᠳᠡᠷᠯᠡᠪᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号