ᠬᠡᠦᠬᠡᠳ ᠪᠠ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠡᠦᠬᠡᠳ | ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠤᠯ ᠮᠡᠳᠡᠯᠭᠡ ᠶᠢᠨ ᠠᠷᠪᠠᠨ ᠵᠤᠷᠪᠤᠰ︾ | ᠢ ᠳᠠᠷᠤᠮᠠᠯᠯᠠᠨ ᠲᠠᠷᠬᠠᠭᠠᠪᠠ᠃ ᠡᠭᠦᠨ ᠳᠤ ᠬᠡᠦᠬᠡᠳ ᠤᠨ ᠡᠯᠧᠺᠲᠷᠣᠨ ᠳᠡᠯᠭᠡᠴᠡ ᠬᠡᠷᠡᠭᠯᠡᠬᠦ ᠴᠠᠭ ᠤᠨ ᠲᠤᠬᠠᠶ ᠨᠠᠷᠢᠨ | ᠲᠣᠭᠲᠠᠭᠠᠯ ᠭᠠᠷᠭᠠᠵᠠᠶ᠃ | ᠲᠤᠰ ᠪᠢᠴᠢᠭ ᠮᠠᠲ᠋ᠧᠷᠢᠶᠠᠯ ᠳᠤ ᠡᠯᠧᠺᠲᠷᠣᠨ ᠳᠡᠯᠭᠡᠴᠡ ᠶᠢᠨ ᠲᠥᠷᠥᠯ ᠤᠨ ᠦᠢᠯᠡᠳᠬᠦᠨ ᠢ ᠣᠷᠳᠣ | ᠬᠤᠭᠤᠴᠠᠭ᠎ᠠ ᠪᠠᠷ ᠣᠶᠢᠷ᠎ᠠ ᠵᠠᠢ ᠠᠴᠠ ᠬᠡᠷᠡᠭᠯᠡᠬᠦ ᠨᠢ ᠬᠡᠦᠬᠡᠳ ᠤᠨ ᠬᠤᠯᠠ ᠬᠠᠷᠠᠭᠠᠨ ᠤ ᠨᠥᠭᠡᠴᠡ ᠶᠢ ᠠᠮᠠᠷᠬᠠᠨ | ᠬᠤᠷᠣᠭᠳᠠᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ᠂ ᠣᠯᠠᠨ | ᠡᠭᠦᠰᠬᠦ ᠶᠢᠨ ᠴᠢᠬᠤᠯᠠ ᠰᠢᠯᠲᠠᠭᠠᠨ ᠪᠣᠯᠣᠨ᠎ᠠ ᠭᠡᠵᠦ ᠵᠢᠭᠠᠵᠤ ᠭᠠᠷᠭᠠᠭᠰᠠᠨ ᠤ ᠬᠠᠮᠲᠤ᠂ ᠡᠯ᠎ᠡ ᠨᠠᠰᠤᠨ ᠤ | ᠬᠡᠤᠬᠡᠳ ᠤᠨ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠬᠡᠷᠡᠭᠯᠡᠬᠦ ᠲᠤᠬᠠᠢ ᠬᠠᠮᠢᠶᠠᠷᠤᠨ ᠡᠵᠡᠮᠳᠡᠬᠦ | ᠪᠣᠳᠠᠲᠠᠢ ᠴᠠᠭ ᠢ ᠨᠡᠶᠢᠲᠡᠯᠡᠪᠡ᠃ | 0 — 3 ᠨᠠᠰᠤᠨ ᠤ ᠨᠢᠯᠬ᠎ᠠ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ | ᠲᠥᠷᠥᠯ ᠤᠨ ᠡᠯᠧᠺᠲᠷᠣᠨ ᠦᠢᠯᠡᠳᠬᠦᠨ ᠢ ᠬᠡᠷᠡᠭᠯᠡᠬᠦ ᠥᠬᠡᠶ︔ | 3 — 6 ᠨᠠᠰᠤᠨ ᠤ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ | ᠡᠯᠧᠺᠲᠷᠣᠨ ᠦᠢᠯᠡᠳᠬᠦᠨ ᠲᠠᠢ ᠣᠶᠢᠷᠠᠳᠬᠤ ᠪᠠ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ | ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠄ ᠰᠤᠷᠤᠯᠴᠠᠬᠤ ᠪᠤᠰᠤ ᠵᠣᠷᠢᠯᠭ᠎ᠠ ᠪᠠᠷ ᠡᠯᠧᠺᠲᠷᠣᠨ | ᠳᠡᠯᠭᠡᠴᠡ ᠶᠢ ᠬᠡᠷᠡᠭᠯᠡᠬᠦ ᠴᠠᠭ ᠢ ᠨᠢᠭᠡ ᠤᠳᠠᠭ᠎ᠠ 15 ᠮᠢᠨᠦ᠋ᠲ ᠠᠴᠠ ᠬᠡᠲᠦᠷᠡᠭᠦᠯᠵᠦ ᠪᠣᠯᠬᠤ ᠥᠬᠡᠶ᠂ ᠡᠳᠦᠷ ᠪᠦᠷᠢ | ᠨᠡᠶᠢᠲᠡ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠥᠬᠡᠶ᠃ ᠡᠯᠧᠺᠲᠷᠣᠨ ᠳᠡᠯᠭᠡᠴᠡ ᠪᠠᠷ ᠰᠤᠷᠤᠯᠴᠠᠬᠤ ᠳᠤ᠂ | ᠳᠡᠯᠭᠡᠴᠡ ᠶᠢᠨ ᠭᠤᠤᠯ ᠪᠠᠶᠢᠷᠢ ᠨᠢ ᠨᠢᠳᠦᠨ ᠤ ᠬᠠᠷᠠᠭᠠᠨ ᠱᠤᠭᠤᠮ ᠠᠴᠠ ᠳᠣᠣᠷ᠎ᠠ 10 ᠰᠡᠨᠲ᠋ᠢᠮᠧᠲᠷ ᠤᠨ ᠣᠷᠴᠢᠮ | ᠪᠠᠶᠢᠵᠤ᠂ 30 - 40 ᠮᠢᠨᠦ᠋ᠲ ᠦᠵᠡᠭᠰᠡᠨ ᠤ ᠳᠠᠷᠠᠭ᠎ᠠ᠂ ᠬᠤᠯᠠ ᠶᠢ ᠬᠠᠷᠠᠵᠤ 10 ᠮᠢᠨᠦ᠋ᠲ ᠨᠢᠳᠦ ᠪᠠᠨ | ᠠᠮᠠᠷᠠᠭᠤᠯᠪᠠᠯ ᠵᠣᠬᠢᠨ᠎ᠠ᠃ |