ᠵᠢᠨᠢᠩ ᠠᠴᠠ ᠳ᠋ᠠᠲ᠋ᠦ᠋ᠩ ᠬᠦᠷᠬᠦ ᠬᠤᠷᠳᠤᠨ ᠤ ᠲᠡᠮᠦᠷ ᠵᠠᠮ ᠤᠨ ᠴᠢᠬᠤᠯᠠ ᠪᠠᠷᠢᠯᠭ᠎ᠠ ᠰᠢᠪᠳᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2023/9/7
 
     ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠤ 9 ᠳ᠋ᠤᠭᠡᠷ ᠰᠠᠷ᠎ᠠ ᠶᠢᠨ 4 ᠤ ᠡᠳᠦᠷ ᠤᠨ ᠥᠷᠯᠥᠭᠡ ᠶᠢᠨ 4 ᠴᠠᠭ 30 ᠮᠢᠨᠦ᠋ᠲ ᠪᠣᠯᠲᠠᠯ᠎ᠠ᠂ ᠵᠠᠯᠭᠠᠭ᠎ᠠ ᠪᠠᠷ 4 ᠡᠳᠦᠷ ᠨᠡᠶᠢᠲᠡ 16 ᠴᠠᠭ ᠪᠠᠴᠢᠮ ᠶᠠᠭᠠᠷᠠᠯᠲᠠᠢ ᠠᠵᠢᠯᠯᠠᠬᠤ ᠪᠠᠷ ᠳᠠᠮᠵᠢᠨ ᠵᠢᠨᠢᠩ ᠠᠴᠠ ᠭᠠᠷᠴᠤ ᠳ᠋ᠠᠲ᠋ᠦ᠋ᠩ ᠢᠶᠠᠷ ᠳᠡᠮᠵᠢᠨ ᠶᠤᠸᠠᠨ ᠫᠢᠩ ᠬᠦᠷᠬᠦ ᠬᠤᠷᠳᠤᠨ ᠤ ᠲᠡᠮᠦᠷ ᠵᠠᠮ ︵ᠳᠣᠷᠣᠭᠰᠢ  ᠵᠢᠢ ᠳ᠋ᠠ ᠶᠤᠸᠠᠨ ᠬᠤᠷᠳᠤᠨ ᠤ ᠲᠡᠮᠦᠷ ᠵᠠᠮ ᠭᠡᠵᠦ ᠲᠣᠪᠴᠢᠯᠠᠨ᠎ᠠ︶ ᠤᠨ ᠭᠤᠣᠯᠳᠠᠯᠭ᠎ᠠ ᠪᠣᠯᠬᠤ ᠪᠠᠷᠢᠯᠭ᠎ᠠ ︱ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠨᠴᠠ ᠶᠡᠭᠡ ᠬᠥᠭᠦᠷᠭᠡ ᠶᠢᠨ ᠪᠡᠭᠡᠵᠢᠩ ᠠᠴᠠ ᠪᠤᠭᠤᠲᠤ ᠬᠦᠷᠬᠦ ᠠᠶᠠᠨᠴᠢᠳ ᠤᠨ ᠲᠤᠰᠬᠠᠢ ᠱᠤᠭᠤᠮ ᠤᠨ ᠬᠤᠷᠳᠤᠨ ᠤ ᠲᠡᠮᠦᠷ ᠵᠠᠮ ᠢ ᠰᠤᠨᠳᠠᠯᠠᠭᠰᠠᠨ ᠳᠠᠩ ᠱᠤᠭᠤᠮ ᠤᠨ ᠬᠠᠶᠢᠷᠴᠠᠭ ᠨᠢᠷᠤᠭᠤ ᠶᠢ ᠠᠮᠵᠢᠯᠲᠠᠲᠠᠢ ᠭᠠᠷᠭᠠᠵᠤ᠂  ᠵᠢᠢ ᠳ᠋ᠠ ᠶᠤᠸᠠᠨ  ᠬᠤᠷᠳᠤᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ᠃ ᠵᠢᠷᠤᠭ ᠪᠣᠯ ᠪᠡᠭᠡᠵᠢᠩ ᠠᠴᠠ ᠪᠤᠭᠤᠲᠤ ᠬᠦᠷᠬᠦ ᠠᠶᠠᠨᠴᠢᠳ ᠤᠨ ᠲᠤᠰᠬᠠᠢ ᠱᠤᠭᠤᠮ ᠢ ᠳᠡᠭᠡᠭᠦᠷ ᠨᠢ ᠰᠤᠨᠳᠠᠯᠠᠭᠰᠠᠨ ᠵᠢᠢ ᠳ᠋ᠠ ᠶᠤᠸᠠᠨ  ᠬᠤᠷᠳᠤᠨ ᠤ ᠲᠡᠮᠦᠷ ᠵᠠᠮ ᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠨᠴᠠ ᠶᠡᠭᠡ ᠬᠥᠭᠦᠷᠭᠡ ᠪᠣᠯᠣᠨ᠎ᠠ᠃      ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠯᠢ ᠰᠢᠶᠣᠣ ᠭᠤᠸᠠᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号