ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ 2024 ᠣᠨ ᠤ ᠠᠵᠢᠯ | ᠦᠢᠯᠡᠰ ᠤᠨ ᠨᠢᠭᠡᠴᠢ ᠶᠢᠨ ᠢᠯᠡ ᠪᠠᠷ ᠤᠷᠢᠨ ᠡᠯᠰᠡᠬᠦ ᠪᠢᠷ ᠤᠨ ᠰᠢᠯᠭᠠᠯᠲᠠ 17 ᠤ ᠡᠳᠦᠷ ᠤᠨ ᠦᠳᠡ ᠶᠢᠨ | ᠡᠮᠦᠨ᠎ᠡ ᠪᠦᠭᠦ ᠣᠷᠣᠨ ᠤ 12 ᠠᠶᠢᠮᠠᠭ ᠬᠤᠲᠠ ᠶᠢᠨ ᠨᠡᠶᠢᠲᠡ 7185 ᠰᠢᠯᠭᠠᠯᠲᠠ ᠶᠢᠨ ᠲᠠᠯᠠᠪᠠᠶ ᠳᠤ ᠵᠡᠷᠭᠡ ᠪᠠᠷ | ᠶᠠᠪᠤᠭᠳᠠᠵᠤ᠂ ᠨᠡᠶᠢᠲᠡ 210775 ᠰᠢᠯᠭᠠᠭᠤᠯᠤᠭᠴᠢ ᠨᠡᠷ᠎ᠡ ᠮᠡᠳᠡᠭᠦᠯᠵᠦ᠂ ᠰᠢᠯᠭᠠᠯᠲᠠ ᠳᠤ ᠣᠷᠣᠯᠴᠠᠬᠰᠠᠨ | ᠬᠥᠮᠥᠨ ᠤ ᠲᠤᠭ᠎ᠠ 181586 ᠪᠠᠶᠢᠵᠤ᠂ ᠰᠢᠯᠭᠠᠯᠲᠠ ᠳᠤ ᠤᠷᠤᠯᠴᠠᠬᠰᠠᠨ ᠨᠤᠷᠮ᠎ᠠ 86.15% ᠳᠤ ᠬᠦᠷᠴᠦ᠂ | ᠰᠢᠯᠭᠠᠯᠲᠠ ᠳᠤ ᠣᠷᠣᠯᠴᠠᠬᠰᠠᠨ ᠬᠥᠮᠥᠨ ᠤ ᠲᠤᠭ᠎ᠠ ᠪᠣᠯᠣᠨ ᠤᠷᠢᠨ ᠬᠡᠷᠡᠭᠯᠡᠬᠦ ᠲᠥᠯᠥᠪᠯᠡᠭᠡ ᠶᠢᠨ ᠲᠤᠭ᠎ᠠ ᠶᠢᠨ | ᠬᠠᠷᠢᠴᠠᠯ ᠨᠢ ᠪᠠᠷᠤᠭ 17᠄ 1 ᠪᠣᠯᠪᠠ᠃ ᠪᠦᠭᠦ ᠣᠷᠣᠨ ᠳᠤ ᠨᠡᠶᠢᠲᠡ 1.7 ᠲᠦᠮᠡᠨ ᠬᠥᠮᠥᠨ ᠰᠢᠯᠭᠠᠯᠲᠠ ᠶᠢᠨ | ᠲᠠᠯᠠᠪᠤᠷ ᠢ ᠬᠢᠨᠠᠬᠤ᠂ ᠰᠢᠯᠭᠠᠯᠲᠠ ᠶᠢᠨ ᠲᠠᠯᠠᠪᠤᠷ ᠢ ᠲᠣᠭᠤᠷᠢᠨ ᠪᠠᠶᠢᠴᠠᠭᠠᠬᠤ ᠪᠠ ᠰᠢᠯᠭᠠᠯᠲᠠ ᠶᠢᠨ ᠶᠠᠪᠤᠳᠠᠯ ᠤᠨ | ᠦᠢᠯᠡᠴᠢᠯᠡᠭᠡ ᠳᠤ ᠪᠠᠲᠤᠯᠠᠭ᠎ᠠ ᠬᠠᠩᠭᠠᠪᠠ᠃ | ᠮᠠᠨ ᠤ ᠣᠷᠣᠨ ᠤ ᠡᠨᠡ ᠵᠢᠯ ᠤᠨ ᠨᠡᠶᠢᠲᠡᠯᠡᠭᠰᠡᠨ ᠠᠵᠢᠯᠲᠠᠨ ᠡᠯᠰᠡᠬᠦ ᠠᠯᠪᠠᠨ ᠵᠠᠷ ᠢ ᠦᠨᠳᠦᠰᠦᠯᠡᠪᠡᠯ᠂ ᠠᠵᠢᠯ | ᠦᠢᠯᠡᠰ ᠤᠨ ᠨᠢᠭᠡᠴᠢ ᠶᠢᠨ ᠤᠷᠢᠨ ᠡᠯᠰᠡᠬᠦ ᠲᠥᠷᠥᠯ ᠬᠤᠪᠢᠶᠠᠭᠰᠠᠨ ᠪᠢᠷ ᠤᠨ ᠰᠢᠯᠭᠠᠯᠲᠠ ᠶᠢᠨ ᠬᠢᠴᠢᠶᠡᠯ ᠲᠥᠷᠥᠯ | ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ︾ ᠪᠠ ︽ᠶᠡᠷᠦᠩᠬᠡᠶᠢᠯᠡᠭᠰᠡᠨ ᠬᠡᠷᠡᠭᠯᠡᠭᠡᠨ ᠤ | ᠴᠢᠳᠠᠪᠤᠷᠢ︾ ᠭᠡᠬᠦ ᠬᠤᠶᠠᠷ ᠲᠦᠷᠦᠯ᠂ ᠲᠣᠰ ᠲᠣᠰ 150 ᠬᠤᠪᠢ ᠪᠠᠶᠢᠵᠤ᠂ ᠶᠡᠷᠦᠩᠬᠡᠢ ᠬᠤᠪᠢ ᠨᠢ 300 ᠪᠣᠯᠣᠨ᠎ᠠ᠃ | ᠰᠢᠯᠭᠠᠯᠲᠠ ᠶᠢᠨ ᠲᠥᠷᠥᠯ ᠢᠯᠭᠠᠯ ᠢ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ︵A ᠲᠥᠷᠥᠯ︶᠂ | ᠨᠡᠶᠢᠭᠡᠮ ᠤᠨ ᠰᠢᠨᠵᠢᠯᠡᠬᠦ ᠤᠬᠠᠭᠠᠨ ᠤ ᠲᠤᠰᠬᠠᠢ ᠮᠡᠷᠭᠡᠵᠢᠯ ᠤᠨ ᠲᠥᠷᠥᠯ ︵B ᠲᠥᠷᠥᠯ︶᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠤᠰᠬᠠᠢ ᠮᠡᠷᠭᠡᠵᠢᠯ ᠦᠨᠲ᠋ᠥ᠋ᠷᠥᠯ ︵C ᠲᠥᠷᠥᠯ︶᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠲᠥᠷᠥᠯ ︵D ᠲᠥᠷᠥᠯ︶ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠥᠷᠥᠯ︵E ᠲᠥᠷᠥᠯ︶ ᠵᠡᠷᠭᠡ ᠲᠠᠪᠤᠨ ᠲᠥᠷᠥᠯ | ᠬᠤᠪᠢᠶᠠᠵᠠᠢ᠃ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠥᠷᠥᠯ ᠳᠤ 2 ᠲᠥᠷᠥᠯ ᠢ | ᠪᠠᠭᠲᠠᠭᠠᠵᠤ᠂ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ᠂ ᠳᠤᠮᠳᠠᠳᠤ ᠰᠤᠷᠭᠠᠭᠤᠯᠢ ᠶᠢᠨ ᠪᠠᠭᠰᠢ ᠶᠢᠨ | ᠠᠵᠢᠯ ᠤᠨ ᠪᠠᠶᠢᠷᠢ ᠭᠡᠵᠦ ᠬᠤᠪᠢᠶᠠᠪᠠ︔ ᠡᠮ ᠡᠮᠨᠡᠯᠭᠡ ᠡᠷᠡᠭᠦᠯ ᠬᠠᠮᠠᠭᠠᠯᠠᠯ ᠤᠨ ᠲᠥᠷᠥᠯ ᠳᠤ 6 ᠬᠤᠪᠢᠶᠠᠷᠢ | ᠲᠥᠷᠥᠯ ᠢ ᠪᠠᠭᠲᠠᠭᠠᠵᠤ᠂ ᠬᠢᠲᠠᠳ ᠡᠮᠨᠡᠯᠭᠡ ᠶᠢᠨ ᠡᠮᠴᠢᠯᠡᠭᠡᠨ ᠤ ᠠᠵᠢᠯ ᠤᠨ ᠪᠠᠶᠢᠷᠢ᠂ ᠡᠸᠦ᠋ᠷᠦᠫᠡ ᠡᠮᠨᠡᠯᠭᠡ ᠶᠢᠨ | ᠡᠮᠴᠢᠯᠡᠭᠡᠨ ᠤ ᠠᠵᠢᠯ ᠤᠨ ᠪᠠᠶᠢᠷᠢ᠂ ᠡᠮ ᠨᠠᠶᠢᠷᠠᠯᠭ᠎ᠠ ᠶᠢᠨ ᠠᠵᠢᠯ ᠤᠨ ᠪᠠᠶᠢᠷᠢ᠂ ᠰᠤᠪᠢᠯᠠᠯᠲᠠ ᠶᠢᠨ ᠠᠵᠢᠯ ᠤᠨ ᠪᠠᠶᠢᠷᠢ᠂ | ᠠᠨᠠᠭᠠᠬᠤ ᠤᠬᠠᠭᠠᠨ ᠤ ᠮᠡᠷᠭᠡᠵᠢᠯ ᠤᠨ ᠠᠵᠢᠯ ᠤᠨ ᠪᠠᠶᠢᠷᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠠᠮᠢᠶᠠᠷᠤᠯᠲᠠ ᠶᠢᠨ ᠠᠵᠢᠯ ᠤᠨ ᠪᠠᠶᠢᠷᠢ ᠭᠡᠵᠦ ᠬᠤᠪᠢᠶᠠᠵᠠᠢ᠃ | |