ᠪᠦᠭᠦ ᠤᠯᠤᠰ ᠤᠨ ᠲᠡᠮᠦᠷ ᠵᠠᠮ ᠤᠨ ᠬᠢᠨ 1 ᠰᠠᠷ᠎ᠠ ᠶᠢᠨ 10 ᠤ ᠡᠳᠦᠷ ᠠᠴᠠ ᠡᠬᠢᠯᠡᠨ ᠭᠠᠯᠲᠤ ᠲᠡᠷᠭᠡᠨ ᠤ ᠠᠶᠠᠯᠠᠯ ᠤᠨ ᠰᠢᠨ᠎ᠡ ᠠᠵᠢᠯᠯᠠᠭᠠᠨ ᠤ ᠵᠢᠷᠤᠭ ᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/1/10
     ᠰᠤᠷᠪᠤᠯᠵᠢᠯᠠᠬᠴᠢ 8 ᠤ ᠡᠳᠦᠷ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 10 ᠤ ᠡᠳᠦᠷ ᠤᠨ ᠲᠡᠭ ᠴᠠᠭ ᠠᠴᠠ ᠡᠬᠢᠯᠡᠨ᠂ ᠪᠦᠭᠦ ᠤᠯᠤᠰ ᠤᠨ ᠲᠡᠮᠦᠷ ᠵᠠᠮ ᠤᠨ ᠬᠢᠨ ᠭᠠᠯᠲᠤ ᠲᠡᠷᠭᠡᠨ ᠤ ᠠᠶᠠᠯᠠᠯ ᠤᠨ ᠰᠢᠨ᠎ᠡ ᠠᠵᠢᠯᠯᠠᠭᠠᠨ ᠤ ᠵᠢᠷᠤᠭ ᠢ ᠬᠡᠷᠡᠭᠵᠢᠭᠦᠯᠬᠦ ᠪᠠᠷ ᠪᠤᠶ᠃ ᠵᠢᠷᠤᠭ ᠢ ᠲᠣᠬᠢᠷᠠᠭᠤᠯᠤᠭᠰᠠᠨ ᠤ ᠳᠠᠷᠠᠭ᠎ᠠ᠂ ᠪᠦᠭᠦ ᠤᠯᠤᠰ ᠤᠨ ᠲᠡᠮᠦᠷ ᠵᠠᠮ ᠤᠨ ᠬᠢᠨ ᠠᠶᠠᠨᠴᠢᠳ ᠤᠨ ᠭᠠᠯᠲᠤ ᠲᠡᠷᠭᠡ ᠶᠢ ᠡᠳᠦᠷ ᠪᠦᠷᠢ 11149 ᠲᠣᠬᠢᠷᠠᠭᠤᠯᠵᠤ᠂ ᠣᠲᠣ ᠶᠢᠨ ᠵᠢᠷᠤᠭ ᠠᠴᠠ 233 ᠴᠤᠪᠤᠭ᠎ᠠ ᠨᠡᠮᠡᠪᠡ; ᠡᠳᠦᠷ ᠪᠦᠷᠢ 22264 ᠪᠠᠷᠠᠭᠠᠨ ᠤ ᠭᠠᠯᠲᠤ ᠲᠡᠷᠭᠡ ᠶᠢ ᠶᠠᠪᠤᠭᠤᠯᠵᠤ᠂ ᠣᠲᠣ ᠶᠢᠨ ᠵᠢᠷᠤᠭ ᠠᠴᠠ 40 ᠴᠤᠪᠤᠭ᠎ᠠ ᠨᠡᠮᠡᠭᠳᠡᠵᠦ᠂ ᠭᠠᠯᠲᠤ ᠲᠡᠷᠭᠡᠨ ᠤ ᠠᠶᠠᠯᠠᠯ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢᠨ ᠴᠢᠳᠠᠪᠤᠷᠢ  ᠴᠢᠨᠠᠭᠰᠢᠳᠠ ᠳᠡᠭᠡᠭᠰᠢᠯᠡᠪᠡ᠃      ᠤᠯᠤᠰ ᠤᠨ ᠲᠡᠮᠦᠷ ᠵᠠᠮ ᠤᠨ ᠪᠦᠯᠦᠭᠯᠡᠯ ᠤᠨ ᠲᠡᠭᠡᠭᠡᠪᠦᠷᠢ ᠶᠢᠨ ᠶᠠᠮᠤᠨ ᠤ ᠬᠠᠷᠢᠭᠤᠴᠠᠯᠭᠠᠲᠠᠨ᠂ ᠲᠣᠰ ᠤᠳᠠᠭ᠎ᠠ ᠶᠢᠨ ᠲᠣᠬᠢᠷᠠᠭᠤᠯᠤᠯᠲᠠ ᠶᠢᠨ ᠵᠢᠷᠤᠭ ᠪᠣᠯ ᠲᠡᠮᠦᠷ ᠵᠠᠮ ᠤᠨ ᠰᠠᠯᠠᠭ᠎ᠠ ᠮᠥᠴᠢᠷ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠮᠦᠷ ᠵᠠᠮ ᠤᠨ ᠰᠢᠨ᠎ᠡ ᠪᠠᠷ ᠨᠡᠮᠡᠭᠳᠡᠭᠰᠡᠨ ᠵᠠᠮ ᠱᠤᠭᠤᠮ᠂ ᠲᠡᠷᠭᠡᠨ ᠥᠷᠲᠡᠭᠡ ᠵᠡᠷᠭᠡ ᠲᠡᠭᠡᠭᠡᠪᠦᠷᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦ ᠤᠯᠤᠰ ᠤᠨ ᠭᠠᠯᠲᠤ ᠲᠡᠷᠭᠡᠨ ᠤ ᠠᠶᠠᠯᠠᠯ ᠤᠨ ᠶᠡᠷᠦᠩᠬᠡᠢ ᠲᠥᠰᠥᠯ ᠳᠤ ᠬᠢᠭᠰᠡᠨ ᠨᠢᠭᠡ ᠤᠳᠠᠭ᠎ᠠ ᠶᠢᠨ ᠰᠢᠯᠢᠳᠡᠭᠵᠢᠭᠦᠯᠦᠨ ᠲᠣᠬᠢᠷᠠᠭᠤᠯᠤᠯᠲᠠ ᠪᠣᠯᠣᠨ᠎ᠠ ᠭᠡᠵᠦ ᠲᠠᠨᠢᠯᠴᠠᠭᠤᠯᠪᠠ᠃      ᠠᠶᠠᠨᠴᠢᠳ ᠤᠨ ᠲᠡᠭᠡᠭᠡᠪᠦᠷᠢ ᠶᠢᠨ ᠲᠠᠯ᠎ᠠ ᠪᠠᠷ᠂ ᠲᠣᠰ ᠤᠳᠠᠭ᠎ᠠ ᠵᠢᠷᠤᠭ ᠲᠤ ᠲᠣᠬᠢᠷᠠᠭᠤᠯᠤᠯᠲᠠ ᠬᠢᠬᠦ ᠳᠤ ᠲᠡᠮᠦᠷ ᠵᠠᠮ ᠤᠨ ᠰᠠᠯᠠᠭ᠎ᠠ ᠮᠥᠴᠢᠷ ᠵᠢᠨᠠᠨ ᠠᠴᠠ ᠵᠧᠩᠵᠧᠦ᠂ ᠬᠠᠩᠵᠧᠦ ᠠᠴᠠ ᠨᠠᠨᠴᠠᠩ ᠬᠦᠷᠬᠦ ᠲᠦᠷᠭᠡᠨ ᠤ ᠲᠡᠮᠦᠷ ᠵᠠᠮ ᠵᠡᠷᠭᠡ ᠰᠢᠨ᠎ᠡ ᠱᠤᠭᠤᠮ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠳᠤᠮᠳᠠ ᠬᠡᠰᠡᠭ ᠤᠨ ᠭᠠᠵᠠᠷ ᠣᠷᠣᠨ ᠪᠣᠯᠣᠨ ᠱᠠᠨᠳᠦ᠋ᠩ ᠬᠤᠶᠢᠭ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠬᠠᠷᠢᠯᠴᠠᠭ᠎ᠠ ᠶᠢ ᠨᠢᠬᠲᠠᠷᠠᠭᠤᠯᠤᠨ᠎ᠠ᠃ ᠴᠧᠩᠳᠦ᠋ - ᠽᠢ ᠭᠦᠩ - ᠢ ᠪᠢᠨ ᠬᠦᠷᠬᠦ ᠲᠦᠷᠭᠡᠨ ᠤ ᠲᠡᠮᠦᠷ ᠵᠠᠮ᠂ ᠯᠢᠵᠢᠶᠠᠩ ᠠᠴᠠ ᠰᠢᠶᠠᠩᠭᠧᠯᠢᠯᠠ ᠬᠦᠷᠬᠦ ᠲᠡᠮᠦᠷ ᠵᠠᠮ᠂ ᠰᠧᠴᠤᠸᠠᠨ ᠠᠴᠠ ᠬᠥᠬᠡᠨᠠᠭᠤᠷ ᠬᠦᠷᠬᠦ ᠲᠡᠮᠦᠷ ᠵᠠᠮ ᠤᠨ ᠴᠢᠩ ᠪᠠᠢ ᠵᠢᠶᠠᠩ ᠮᠥᠷᠡᠨ ᠠᠴᠠ ᠵᠡᠭᠦᠨᠰᠢ ᠪᠠᠨ ᠵᠧᠨ ᠵᠢᠶᠠᠩ ᠭᠤᠸᠠᠨ ᠬᠦᠷᠬᠦ ᠬᠡᠰᠡᠭ ᠢ ᠨᠡᠪᠲᠡᠷᠡᠭᠦᠯᠬᠦ ᠳᠤ ᠰᠢᠨ᠎ᠡ ᠪᠠᠷ ᠨᠡᠮᠡᠭᠳᠡᠭᠦᠯᠬᠦ ᠴᠢᠳᠠᠪᠤᠷᠢ ᠶᠢ ᠬᠡᠷᠡᠭᠯᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠲᠡᠮᠦᠷ ᠵᠠᠮ ᠤᠨ ᠠᠶᠠᠯᠠᠯ ᠤᠨ ᠵᠢᠷᠤᠭ ᠢ ᠰᠢᠯᠢᠳᠡᠭᠵᠢᠭᠦᠯᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠳᠤ ᠦᠢᠯᠡᠴᠢᠯᠡᠨ᠎ᠡ᠃ᠡᠮᠦᠨᠡᠲᠦ ᠣᠷᠣᠨ ᠤ ᠭᠤᠸᠠᠩᠵᠧᠦ ᠶᠢᠨ ᠪᠠᠢ ᠶᠦᠨ ᠥᠷᠲᠡᠭᠡ᠂ ᠨᠢᠩᠪᠦ᠋ᠸᠧ ᠠᠴᠠ ᠭᠤᠸᠠᠩᠵᠧᠦ ᠬᠦᠷᠬᠦ ᠲᠦᠷᠭᠡᠨ ᠤ ᠲᠡᠮᠦᠷ ᠵᠠᠮ ᠤᠨ ᠱᠠᠨᠲ᠋ᠧᠦ ᠠᠴᠠ ᠱᠠᠨᠸᠧᠶ ᠬᠦᠷᠬᠦ ᠬᠡᠰᠡᠭ ᠵᠡᠷᠭᠡ ᠰᠢᠨ᠎ᠡ ᠥᠷᠲᠡᠭᠡ᠂ ᠰᠢᠨ᠎ᠡ ᠱᠤᠭᠤᠮ ᠢ ᠨᠡᠪᠲᠡᠷᠡᠭᠦᠯᠦᠨ ᠠᠵᠢᠯᠯᠠᠭᠤᠯᠬᠤ ᠪᠠᠷ ᠲᠣᠭᠢᠶᠠᠯ ᠪᠤᠯᠭᠠᠵᠤ᠂ ᠣᠷᠣᠨ ᠪᠦᠰᠡ ᠶᠢᠨ ᠠᠵᠢᠯᠯᠠᠭᠠᠨ ᠤ ᠵᠢᠷᠤᠭ ᠢ ᠰᠢᠯᠢᠳᠡᠭᠵᠢᠭᠦᠯᠦᠨ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃      ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠪᠡᠭᠡᠵᠢᠩ ᠤᠨ ᠲᠡᠮᠦᠷ ᠵᠠᠮ ᠤᠨ ᠬᠦᠢᠰᠦ ᠠᠶᠠᠨᠴᠢᠳ ᠤᠨ ᠥᠷᠲᠡᠭᠡ ᠶᠢᠨ ᠴᠢᠳᠠᠪᠬᠢ ᠶᠢ ᠰᠢᠯᠢᠳᠡᠭᠵᠢᠭᠦᠯᠦᠨ ᠲᠣᠬᠢᠷᠠᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠬᠦᠴᠦ ᠨᠡᠮᠡᠷᠢᠯᠡᠵᠦ᠂ ᠠᠶᠠᠨᠴᠢᠳ ᠤᠨ ᠭᠠᠳᠠᠭᠰᠢ ᠭᠠᠷᠬᠤ ᠳᠤ ᠨᠠᠩ ᠣᠯᠠᠨ ᠰᠣᠩᠭᠤᠯᠲᠠ ᠬᠠᠩᠭᠠᠨ᠎ᠠ᠃ ᠡᠭᠦᠨ ᠤ ᠵᠡᠷᠭᠡ ᠪᠠᠷ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠬᠡᠰᠡᠭ ᠠᠶᠠᠨᠴᠢᠳ ᠤᠨ ᠭᠠᠯᠲᠤ ᠲᠡᠷᠭᠡᠨ ᠤ ᠠᠶᠠᠯᠠᠯ ᠤᠨ ᠵᠠᠮ᠂ ᠨᠡᠪᠲᠡᠷᠡᠬᠦ ᠬᠡᠪᠴᠢᠶ᠎ᠡ ᠪᠠ ᠲᠣᠨᠤᠭ ᠲᠥᠬᠦᠭᠡᠷᠦᠮᠵᠢ ᠶᠢ ᠰᠢᠯᠢᠳᠡᠭᠵᠢᠭᠦᠯᠵᠦ᠂ ᠠᠶᠠᠨᠴᠢᠳ ᠤᠨ ᠣᠯᠠᠨ ᠶᠠᠩᠵᠤ ᠶᠢᠨ ᠠᠶᠠᠯᠠᠯ ᠤᠨ ᠬᠡᠷᠡᠭᠴᠡᠭᠡ ᠶᠢ ᠬᠠᠩᠭᠠᠨ᠎ᠠ᠃ ᠪᠠᠷᠠᠭᠠᠨ ᠤ ᠲᠡᠭᠡᠭᠡᠪᠦᠷᠢ ᠶᠢᠨ ᠲᠠᠯ᠎ᠠ ᠪᠠᠷ᠂ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠪᠠᠷᠠᠭᠠᠨ ᠤ ᠭᠦᠢᠯᠭᠡᠭᠡᠨ ᠤ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠳᠤ ᠨᠡᠩ ᠰᠠᠶᠢᠨ ᠦᠢᠯᠡᠴᠢᠯᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号