︽ᠬᠥᠬᠡᠬᠤᠲᠠ ᠶᠢᠨ ᠬᠠᠶᠢᠮᠢᠶᠠᠨ ᠬᠤᠲᠠ ᠶᠢᠨ ᠲᠤᠰᠬᠠᠢ ᠲᠥᠯᠦᠪᠵᠢᠭᠦᠯᠭᠡ ︵2022 — 2035︶ ︾ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢ ᠣᠯᠪᠠ
ᠨᠡᠶᠢᠲᠡᠯᠡᠭᠰᠡᠨ ᠴᠠᠭ᠄
2024/1/10
     ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠶᠢᠷᠠᠭᠤᠯᠤᠨ ᠵᠣᠬᠢᠶᠠᠭᠰᠠᠨ ︽ᠬᠥᠬᠡᠬᠤᠲᠠ ᠶᠢᠨ ᠬᠠᠶᠢᠮᠢᠶᠠᠨ ᠬᠤᠲᠠ ᠶᠢᠨ ᠲᠤᠰᠬᠠᠢ ᠲᠥᠯᠦᠪᠵᠢᠭᠦᠯᠭᠡ ︵2022 ︱ 2035︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢ ᠣᠯᠵᠤ ᠬᠡᠷᠡᠭᠵᠢᠭᠦᠯᠦᠭᠳᠡᠪᠡ᠃      ᠲᠤᠰ ︽ᠲᠥᠯᠦᠪᠵᠢᠭᠦᠯᠭᠡ︾ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠤᠯᠤᠰ ᠤᠨ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠣᠷᠴᠢᠨ ᠲᠣᠭᠤᠷᠢᠨ ᠪᠠ ᠭᠠᠵᠠᠷ ᠵᠦᠢ ᠶᠢᠨ ᠣᠨᠴᠠᠯᠢᠭ ᠲᠤ ᠰᠠᠭᠤᠷᠢᠯᠠᠨ᠂ ︽ᠠᠭᠤᠯᠠ᠂ ᠬᠤᠲᠠ᠂ ᠲᠠᠯ᠎ᠠ᠂ ᠤᠰᠤ︾ ᠶᠢ ᠨᠢᠭᠡ ᠴᠣᠭᠴᠠᠵᠢᠭᠤᠯᠤᠨ ᠵᠠᠰᠠᠬᠤ ᠶᠢ ᠪᠠᠷᠢᠮᠲᠠᠯᠠᠵᠤ᠂ ︽ᠪᠣᠬᠢᠷᠲᠤᠯ ᠦᠭᠡᠢ ᠶᠢ ᠲᠡᠷᠢᠭᠦᠨ ᠳᠤ ᠲᠠᠯᠪᠢᠬᠤ᠂ ᠰᠠᠭᠠᠷᠠᠯ ᠨᠣᠭᠤᠭᠠᠨ ᠶᠢ ᠤᠶᠠᠯᠳᠤᠭᠤᠯᠬᠤ᠂ ᠬᠥᠬᠡ ᠨᠣᠭᠤᠭᠠᠨ ᠢ ᠠᠭᠤᠰᠤᠯᠴᠠᠭᠤᠯᠬᠤ︾ ᠤᠮᠠᠷᠠᠲᠤ ᠶᠢᠨ ᠬᠠᠭᠠᠰ ᠭᠠᠩ ᠬᠠᠭᠤᠷᠠᠢ ᠲᠠᠯ᠎ᠠ ᠨᠤᠲᠤᠭ ᠤᠨ ᠬᠡᠯᠪᠡᠷᠢ ᠶᠢᠨ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ ᠬᠡᠷᠡᠭᠵᠢᠭᠦᠯᠵᠦ᠂ ᠬᠤᠲᠠ ᠶᠢᠨ ᠠᠮᠤᠷ ᠲᠦᠪᠰᠢᠨ ᠤ ᠤᠶᠠᠨ ᠬᠠᠲᠠᠨ ᠴᠢᠨᠠᠷ ᠢ ᠴᠢᠩᠭᠠᠷᠠᠭᠤᠯᠤᠨ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠨ ᠤ ᠬᠤᠲᠠ ᠶᠢᠨ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃      ︽ᠲᠥᠯᠦᠪᠵᠢᠭᠦᠯᠭᠡ︾ ᠪᠣᠯ ︽ᠲᠠᠪᠤᠨ ᠱᠠᠲᠤ ᠭᠤᠷᠪᠠᠨ ᠲᠦᠷᠦᠯ︾ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠤᠨ ᠴᠢᠬᠤᠯᠠ ᠪᠦᠷᠢᠯᠳᠦᠭᠦᠨ ᠮᠥᠨ᠂ ᠬᠤᠳᠠ ᠶᠢᠨ ᠤᠰᠤᠨ ᠤ ᠣᠷᠴᠢᠨ ᠠᠬᠤᠢ ᠶᠢ ᠰᠠᠶᠢᠵᠢᠷᠠᠭᠤᠯᠵᠤ᠂ ᠬᠤᠳᠠ ᠶᠢᠨ ᠤᠰᠤᠨ ᠤ ᠠᠮᠢ ᠠᠬᠤᠢ ᠶᠢ ᠰᠡᠷᠭᠦᠭᠡᠵᠦ᠂ ᠬᠤᠳᠠ ᠶᠢᠨ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠬᠥᠭᠵᠢᠯᠲᠡ ᠶᠢ ᠠᠬᠢᠭᠤᠯᠬᠤ ᠰᠢᠰᠲ᠋ᠧᠮ ᠲᠠᠢ ᠲᠥᠰᠥᠯ ᠮᠥᠨ᠃ ᠨᠢᠭᠡ ᠳᠤ᠂ ᠬᠤᠳᠠ ᠶᠢᠨ ᠪᠦᠬᠦᠶᠢᠯᠡ ᠪᠠᠶᠢᠭᠠᠯᠢ ᠶᠢᠨ ᠣᠷᠴᠢᠨ ᠲᠣᠭᠤᠷᠢᠨ ᠤ ᠨᠥᠬᠦᠴᠡᠯ ᠢ ᠳᠡᠭᠡᠭᠰᠢᠯᠡᠭᠦᠯᠵᠦ᠂ ᠭᠤᠣᠯ ᠬᠤᠳᠠ ᠶᠢᠨ ᠲᠣᠭᠤᠷᠢᠭ ᠤᠨ ᠪᠦᠬᠦᠶᠢᠯᠡ ᠬᠥᠬᠡ ᠨᠣᠭᠤᠭᠠᠨ ᠣᠷᠣᠨ ᠵᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠠᠶᠢᠭᠠᠯᠢ ᠶᠢᠨ ᠨᠤᠭᠤ ᠭᠠᠵᠠᠷ ᠢ ᠰᠡᠷᠭᠦᠭᠡᠨ ᠬᠠᠮᠠᠭᠠᠯᠠᠵᠤ᠂ ᠭᠤᠣᠯ ‍ᠤᠨ‌ᠠᠮᠢ ᠠᠬᠤᠢ ᠶᠢᠨ ᠦᠨᠳᠦᠰᠦᠨ ᠤᠷᠤᠰᠬᠠᠯ ᠵᠢᠴᠢ ᠬᠠᠷᠠᠭᠠᠯᠵᠠᠭᠰᠠᠨ ᠤᠰᠤᠨ ᠤ ᠠᠮᠢᠳᠤ ᠪᠣᠳᠠᠰ ᠤᠨ ᠴᠣᠭᠴᠠᠰ ᠤᠨ ᠲᠣᠭᠲᠠᠭᠤᠨ ᠢ ᠪᠠᠲᠤᠯᠠᠨ᠎ᠠ︔ ᠬᠤᠶᠠᠷ ᠲᠤ ᠬᠤᠲᠠ ᠶᠢᠨ ᠦᠶᠡᠷ ᠢ ᠰᠡᠷᠭᠡᠶᠢᠯᠡᠬᠦ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠥᠯᠦᠪᠵᠢᠭᠦᠯᠭᠡ ᠯᠦᠭᠡ ᠬᠠᠷᠢᠯᠴᠠᠨ ᠵᠣᠯᠭᠠᠭᠤᠯᠤᠨ ᠬᠠᠮᠵᠢᠯᠴᠠᠵᠤ᠂ ᠬᠤᠲᠠ ᠶᠢᠨ ᠦᠶᠡᠷ ᠤᠰᠤᠲᠤᠯ ᠢ ᠨᠢᠭᠡᠳᠦᠯᠲᠡᠢ ᠲᠥᠯᠥᠪᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠶᠢᠨ ᠤᠰᠤᠨ ᠤ ᠠᠶᠤᠯᠭᠦᠢ ᠶᠢᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠭᠤᠷᠪᠠ ᠳᠤ ᠤᠰᠤᠲᠤᠯ ᠤᠨ ᠭᠠᠮᠰᠢᠭ ᠢ ᠠᠷᠭᠠᠴᠠᠭᠠᠬᠤ ᠴᠢᠳᠠᠪᠤᠷᠢ ᠶᠢ ᠴᠢᠩᠭᠠᠳᠬᠠᠵᠤ᠂ ᠬᠤᠳᠠ ᠶᠢᠨ ᠤᠰᠤᠲᠤᠯ ᠤᠨ ᠭᠠᠮᠰᠢᠭ ᠠᠴᠠ ᠪᠣᠯᠤᠭᠰᠠᠨ ᠵᠠᠮ ᠬᠠᠷᠢᠯᠴᠠᠭ᠎ᠠ ᠲᠠᠰᠤᠷᠠᠬᠤ᠂ ᠭᠠᠵᠠᠷ ᠳᠡᠭᠡᠷ᠎ᠡ ᠤᠰᠤ ᠲᠣᠭᠲᠠᠬᠤ᠂ ᠰᠠᠭᠤᠷᠢ ᠪᠡᠯᠡᠳᠬᠡᠮᠵᠢ ᠶᠢ ᠬᠤᠬᠢᠷᠠᠭᠤᠯᠬᠤ᠂ ᠬᠢᠵᠢᠭ ᠡᠪᠡᠳᠴᠢᠨ ᠳᠡᠯᠭᠡᠷᠡᠬᠦ ᠵᠡᠷᠭᠡ ᠰᠠᠭᠤᠭᠠᠯᠢ ᠠᠷᠠᠳ ᠤᠨ ᠶᠠᠪᠤᠵᠤ ᠰᠠᠭᠤᠬᠤ ᠵᠢᠴᠢ ᠬᠡᠪ ᠤᠨ ᠠᠮᠢᠳᠤᠷᠠᠯ ᠤᠨ ᠡᠮᠬᠢ ᠵᠢᠷᠤᠮ ᠢ ᠨᠥᠯᠥᠭᠡᠯᠡᠵᠦ ᠪᠠᠶᠢᠭ᠎ᠠ ᠣᠳᠣᠬᠢ ᠪᠠᠶᠢᠳᠠᠯ ᠢ ᠬᠤᠪᠢᠷᠠᠭᠤᠯᠵᠤ᠂ ᠨᠡᠶᠢᠭᠡᠮ ᠠᠵᠤ ᠠᠬᠤᠢ ᠶᠢᠨ ᠬᠥᠭᠵᠢᠯᠲᠡ ᠬᠢᠭᠡᠳ ᠪᠠᠶᠢᠭᠠᠯᠢ ᠶᠢᠨ ᠬᠠᠮᠠᠭᠠᠯᠠᠯᠲᠠ ᠶᠢᠨ ᠵᠥᠷᠢᠴᠡᠯ ᠢ ᠨᠠᠮᠳᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠭᠦᠢᠴᠡᠳ ᠪᠠᠲᠤᠯᠠᠵᠤ᠂ ᠬᠤᠳᠠ ᠶᠢᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号