ᠰᠤᠷᠪᠤᠯᠵᠢᠯᠠᠬᠴᠢ10 ᠤ ᠡᠳᠦᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ | ᠣᠶᠢᠯᠠᠭᠠᠭᠰᠠᠨ ᠢᠶᠠᠷ᠂ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠣᠶᠢᠷ᠎ᠠ ᠶᠢᠨ ᠡᠳᠦᠷ | ᠤᠯᠠᠨ ᠠᠵᠢᠯᠯᠠᠬᠤ ᠳᠤᠭᠤᠶᠢᠯᠠᠩ ᠲᠣᠮᠢᠯᠠᠨ ᠪᠠᠶᠢᠴᠠᠭᠠᠨ ᠰᠤᠳᠤᠯᠵᠤ᠂ ᠭᠠᠮᠰᠢᠭᠳᠠᠭᠰᠠᠨ ᠤᠯᠠᠨ ᠲᠦᠮᠡᠨ ᠤ ᠬᠠᠯᠠᠭᠤᠨ | ᠳᠤᠯᠠᠭᠠᠨ ᠡᠪᠦᠯᠵᠢᠵᠦ ᠪᠠᠶᠢᠭ᠎ᠠ ᠪᠠᠶᠢᠳᠠᠯ ᠢ ᠣᠶᠢᠯᠠᠭᠠᠪᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ | ᠲᠣᠰ ᠤᠳᠠᠭ᠎ᠠ ᠶᠢᠨ ᠠᠵᠢᠯᠯᠠᠬᠤ ᠳᠤᠭᠤᠶᠢᠯᠠᠩ ᠾᠧᠪᠧᠢ᠂ ᠬᠠᠷᠠᠮᠥ᠋ᠷᠡᠨ᠂ ᠭᠢᠷᠢᠨ᠂ ᠱᠠᠨ ᠰᠢ ᠵᠡᠷᠭᠡ 17 | ᠭᠤᠣᠯᠳᠠᠯᠭ᠎ᠠ ᠲᠠᠢ ᠮᠤᠵᠢ ᠣᠷᠣᠨ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠭᠠᠵᠠᠷ ᠬᠥᠳᠡᠯᠦᠯᠲᠡ ᠪᠠ | ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯ ᠤᠨ ᠭᠠᠮᠰᠢᠭ ᠡᠭᠦᠰᠦᠭᠰᠡᠨ ᠭᠠᠵᠠᠷ ᠣᠷᠣᠨ ᠢᠶᠠᠷ | ᠭᠦᠨᠵᠡᠭᠡᠶᠢᠷᠡᠨ᠂ ᠭᠠᠮᠰᠢᠭᠳᠠᠭᠰᠠᠨ ᠣᠷᠣᠨ ᠤ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ ᠳᠠᠭᠢᠨ | ᠪᠦᠲᠦᠭᠡᠨ ᠪᠠᠶᠢᠭᠤᠯᠬᠤ᠂ ᠭᠠᠮᠰᠢᠭᠳᠠᠭᠰᠠᠨ ᠣᠯᠠᠨ ᠲᠦᠮᠡᠨ ᠢ ᠰᠢᠯᠵᠢᠯᠲᠡ ᠶᠢᠨ ᠬᠤᠭᠤᠴᠠᠭᠠᠨ ᠳᠤ ᠲᠥᠪᠬᠢᠨᠡᠭᠦᠯᠬᠦ | ᠪᠠ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠵᠤ ᠣᠶᠢᠯᠠᠭᠠᠵᠠᠢ ᠭᠡᠵᠦ ᠲᠠᠨᠢᠯᠴᠠᠭᠤᠯᠪᠠ᠃ | ᠲᠤᠰ ᠬᠠᠷᠢᠭᠤᠴᠠᠯᠭᠠᠲᠠᠨ᠂ ᠲᠣᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠨᠢ | ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠵᠡᠷᠭᠡ ᠠᠵᠢᠯ ᠤᠨ ᠵᠢᠯᠣᠭᠤᠳᠤᠯᠭ᠎ᠠ | ᠬᠠᠪᠰᠤᠷᠤᠯᠭ᠎ᠠ ᠶᠢ ᠴᠢᠩᠭᠠᠳᠬᠠᠵᠤ᠂ ᠭᠠᠮᠰᠢᠭᠳᠠᠭᠰᠠᠨ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠵᠢᠯᠤᠭᠤᠳᠴᠤ᠂ ᠡᠪᠦᠯ ᠬᠠᠪᠤᠷ ᠤᠨ ᠠᠪᠤᠷᠠᠨ | ᠲᠤᠰᠠᠯᠠᠬᠤ ᠵᠣᠭᠤᠰ ᠮᠥᠩᠭᠦ ᠡᠳ᠋ ᠪᠣᠳᠠᠰ ᠢ ᠥᠨᠳᠥᠷ ᠪᠦᠲᠦᠮᠵᠢᠲᠡᠶ᠂ ᠵᠢᠷᠤᠮᠵᠢᠭᠤᠨ ᠪᠥᠭᠡᠳ ᠡᠮᠬᠢ | ᠵᠢᠷᠤᠮ ᠲᠠᠢ ᠪᠠᠷ ᠲᠠᠷᠬᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ | ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠳᠤ ᠴᠠᠭ ᠲᠤᠬᠠᠢ ᠳᠤᠨᠢ ᠬᠠᠨᠳᠤᠯᠭᠠᠲᠤ ᠴᠢᠨᠠᠷᠲᠠᠢ ᠠᠪᠤᠷᠠᠨ | ᠲᠤᠰᠠᠯᠠᠯᠲᠠ ᠥᠷᠨᠢᠭᠦᠯᠬᠦ ᠶᠢᠨ ᠲᠥᠯᠥᠭᠡ ᠶᠤᠮ ᠭᠡᠵᠦ ᠢᠯᠡᠳᠬᠡᠪᠡ᠃ | ᠡᠨᠡ ᠵᠢᠯ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠵᠡᠷᠭᠡ ᠭᠠᠵᠠᠷ ᠬᠦᠨᠳᠦ ᠨᠣᠴᠢᠲᠠᠢ ᠭᠠᠮᠰᠢᠭ ᠲᠤ | ᠳᠠᠭᠠᠷᠢᠬᠳᠠᠵᠤ᠂ ᠡᠪᠦᠯ ᠬᠠᠪᠤᠷ ᠤᠨ ᠠᠪᠤᠷᠠᠨ ᠲᠤᠰᠠᠯᠠᠬᠤ ᠡᠭᠦᠷᠭᠡ ᠨᠡᠯᠢᠶᠡᠳ ᠬᠦᠨᠳᠦ ᠪᠠᠶᠢᠭ᠎ᠠ ᠪᠠᠶᠢᠳᠠᠯ ᠳᠤ | ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠯᠤᠭ᠎ᠠ | ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠡᠷᠲᠡᠬᠡᠨ | ᠪᠠᠶᠢᠷᠢᠯᠠᠭᠤᠯᠤᠨ ᠥᠷᠨᠢᠭᠦᠯᠪᠡ᠃ ᠡᠭᠦᠨ ᠠᠴᠠ ᠡᠮᠦᠨ᠎ᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠨᠢᠭᠡᠨᠲᠡ ᠡᠳ᠋ ᠤᠨ ᠵᠠᠰᠠᠭ ᠤᠨ ᠶᠠᠮᠤᠨ ᠯᠤᠭ᠎ᠠ ᠬᠠᠮᠲᠤᠷᠠᠨ 26 ᠮᠤᠵᠢ ᠣᠷᠣᠨ ᠵᠢᠴᠢ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠲᠥᠪ ᠤᠨ ᠡᠪᠦᠯ ᠬᠠᠪᠤᠷ ᠤᠨ ᠠᠪᠤᠷᠠᠨ | ᠲᠤᠰᠠᠯᠠᠬᠤ ᠪᠡᠯᠡ ᠮᠥᠩᠭᠦ ᠶᠢ 48.46 ᠳ᠋ᠦᠩᠰᠢᠭᠤᠷ ᠲᠥᠭᠦᠷᠢᠭ ᠪᠠᠭᠤᠯᠭᠠᠵᠤ᠂ ᠤᠯᠤᠰ ᠤᠨ ᠠᠮᠤ ᠪᠤᠳᠠᠭ᠎ᠠ ᠪᠠ | ᠡᠳ᠋ ᠪᠣᠳᠠᠰ ᠨᠥᠭᠡᠴᠡᠯᠡᠬᠦ ᠲᠣᠪᠴᠢᠶ᠎ᠠ ᠯᠤᠭ᠎ᠠ ᠬᠠᠮᠲᠤᠷᠠᠨ 15 ᠭᠤᠣᠯᠳᠠᠯᠭ᠎ᠠ ᠲᠠᠢ ᠮᠤᠵᠢ ᠳᠤ ᠲᠥᠪ ᠤᠨ | ᠭᠠᠮᠰᠢᠭ ᠠᠴᠠ ᠠᠪᠤᠷᠠᠬᠤ ᠡᠳ᠋ ᠪᠣᠳᠠᠰ ᠢ 37 ᠲᠦᠮᠡᠨ ᠬᠤᠪᠢ ᠪᠠᠭᠤᠯᠭᠠᠵᠤ᠂ ᠣᠷᠣᠨ ᠨᠤᠲᠤᠭ ᠤᠨ | ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢ ᠳᠡᠮᠵᠢᠪᠡ᠃ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ︶ | | |